ᠪᠥᠬᠦ ᠤᠯᠤᠰ ᠤᠨ ᠠᠩᠬᠠᠳᠠᠭᠴᠢ ᠦᠬᠡᠷ ᠤᠨ ᠪᠡᠶ᠎ᠡ ᠶᠢᠨ ᠬᠦᠪᠦᠷᠡᠯ ︵IVF︶ ᠪᠣᠶᠢᠵᠢᠭᠤᠯᠬᠤ ᠲᠤᠷᠰᠢᠯᠲᠠ ᠶᠢᠨ ᠲᠠᠰᠤᠭ ᠬᠤᠷᠢᠨᠭᠡᠷ ᠰᠢᠨ᠎ᠡ ᠲᠣᠭᠤᠷᠢᠭ ᠲᠤ ᠰᠠᠭᠤᠷᠢᠰᠢᠪᠠ
ᠨᠡᠶᠢᠲᠡᠯᠡᠭᠰᠡᠨ ᠴᠠᠭ᠄
2023/3/2
       ︵ᠰᠤᠷᠪᠤᠯᠵᠢᠯᠠᠭᠴᠢ ᠯᠢᠦ ᠯᠢ ᠰᠢᠶᠠ︶ ᠬᠤᠷᠢᠨᠭᠡᠷ ᠰᠢᠨ᠎ᠡ ᠲᠣᠭᠤᠷᠢᠭ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠡᠳᠦᠷ᠂ ᠥᠪᠥᠷ ᠮᠣᠩᠭᠤᠯ ᠤᠨ ᠵᠢᠶᠠᠨ ᠨᠧᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠬᠡᠷ ᠤᠨ ᠪᠡᠶ᠎ᠡ ᠶᠢᠨ ᠭᠠᠳᠠᠨ᠎ᠠ ᠬᠦᠪᠦᠷᠡᠯ ︵IVF︶ ᠪᠣᠶᠢᠵᠢᠭᠤᠯᠬᠤ  ᠲᠤᠷᠰᠢᠯᠲᠠ ᠶᠢᠨ ᠲᠠᠰᠤᠭ ᠪᠣᠯᠣᠨ ᠪᠡᠯᠭᠡ ᠢ ᠡᠵᠡᠮᠳᠡᠵᠦ ᠰᠠᠯᠭᠠᠬᠤ ᠲᠤᠷᠰᠢᠯᠲᠠ ᠶᠢᠨ ᠲᠠᠰᠤᠭ ᠤᠨ ᠲᠥᠰᠥᠯ ᠢ ᠬᠤᠷᠢᠨᠭᠡᠷ ᠰᠢᠨ᠎ᠡ ᠲᠣᠭᠤᠷᠢᠭ ᠲᠤ ᠲᠦᠷᠦᠯ ᠵᠦᠢᠯ ᠢᠶᠠᠷ ᠳᠠᠩᠰᠠᠯᠠᠪᠠ᠂ ᠡᠨᠡ ᠨᠢ ᠪᠦᠬᠦ ᠤᠯᠤᠰ ᠤᠨ ᠠᠩᠬᠠᠳᠠᠭᠴᠢ ᠦᠬᠡᠷ ᠤᠨ ᠪᠡᠶ᠎ᠡ ᠶᠢᠨ ᠭᠠᠳᠠᠨ᠎ᠠ ᠬᠦᠪᠦᠷᠡᠯ ︵IVF︶ ᠪᠣᠶᠢᠵᠢᠭᠤᠯᠬᠤ ᠲᠤᠷᠰᠢᠯᠲᠠ ᠶᠢᠨ ᠲᠠᠰᠤᠭ ᠵᠢᠩᠬᠢᠨᠢ ᠪᠠᠷ ᠬᠤᠷᠢᠨᠭᠡᠷ ᠰᠢᠨ᠎ᠡ ᠲᠣᠭᠤᠷᠢᠭ ᠲᠤ ᠰᠠᠭᠤᠷᠢᠰᠢᠭᠰᠠᠨ ᠢ ᠬᠠᠷᠠᠭᠤᠯᠵᠤ ᠪᠠᠶᠢᠨ᠎ᠠ᠃ ᠲᠣᠰ ᠲᠥᠰᠥᠯ ᠨᠢ ᠶᠡᠷᠦᠩᠬᠡᠢ ᠺᠣᠮᠫᠠᠨᠢ ᠶᠢᠨ ᠠᠨ ᠪᠥᠸᠧ ︵ᠪᠡᠭᠡᠵᠢᠩ︶ ᠶᠢᠨ ᠣᠯᠠᠨ ᠤᠯᠤᠰ ᠤᠨ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ABS ᠳᠤᠮᠳᠠᠳᠤ ᠤᠯᠤᠰ︶ ᠪᠣᠯᠣᠨ ABS ᠣᠯᠠᠨ ᠤᠯᠤᠰ ᠤᠨ ᠶᠡᠷᠦᠩᠬᠡᠢ ᠬᠡᠯᠲᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠳᠤ ᠲᠦᠰᠢᠭᠯᠡᠵᠦ᠂ ᠲᠥᠰᠥᠯ ᠪᠠᠶᠢᠭᠤᠯᠤᠭᠳᠠᠭᠰᠠᠨ ᠤ ᠳᠠᠷᠠᠭ᠎ᠠ ᠨᠡᠯᠢᠶᠡᠳ ᠰᠠᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠦᠢᠯᠡᠳᠦᠯ ᠪᠠ ᠬᠡᠯᠬᠢᠶ᠎ᠡ ᠶᠢ ᠨᠥᠬᠦᠪᠦᠷᠢᠯᠡᠵᠦ ᠤᠷᠲᠤᠳᠬᠠᠬᠤ ᠦᠢᠯᠡᠳᠦᠯ ᠲᠠᠢ ᠶᠤᠮ᠃      ᠣᠶᠢᠷ᠎ᠠ ᠶᠢᠨ ᠵᠢᠯ ᠤᠨ ᠲᠤᠷᠰᠢ᠂ ᠬᠤᠷᠢᠨᠭᠡᠷ ᠰᠢᠨ᠎ᠡ ᠲᠣᠭᠤᠷᠢᠭ ᠨᠢ ᠡᠬᠢ ᠪᠠᠶᠠᠯᠢᠭ ᠤᠨ ᠳᠠᠪᠠᠭᠤᠯᠢᠭ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠣᠷᠣᠨ ᠤ ᠲᠥᠪ ᠤᠨ ︽ᠵᠢᠷᠭᠤᠭᠠᠨ ᠲᠣᠮᠣ ᠠᠵᠤ ᠦᠢᠯᠡᠰ ᠤᠨ ᠪᠥᠭᠡᠮᠨᠡᠷᠡᠯ︾ ᠤᠨ ᠲᠣᠭᠤᠷᠢᠨ ᠳᠤ ᠬᠤᠳᠠᠯᠳᠤᠭᠠᠴᠢᠨ ᠤᠷᠢᠬᠤ ᠵᠢᠷᠤᠭᠲᠤ ᠬᠥᠲᠥᠯᠪᠦᠷᠢ ᠶᠢᠨ ᠲᠣᠭᠤᠷᠢᠨ ᠳᠤ᠂ ᠭᠤᠣᠯᠳᠠᠭᠤ ᠡᠯᠧᠺᠲᠷᠣᠨ ᠮᠡᠳᠡᠭᠡ ᠵᠠᠩᠭᠢ ᠶᠢᠨ ᠠᠵᠤ ᠦᠢᠯᠡᠰ ᠪᠣᠯᠣᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠳᠡᠭᠡᠷ᠎ᠡ ᠣᠨᠣᠪᠴᠢᠲᠠᠢ ᠬᠦᠴᠦᠯᠡᠵᠦ᠂ ᠠᠵᠤ ᠦᠢᠯᠡᠰ ᠤᠨ ᠰᠠᠶᠢᠨ ᠰᠠᠶᠢᠬᠠᠨ ᠬᠥᠭᠵᠢᠯᠲᠡ ᠶᠢᠨ ᠦᠷ᠎ᠡ ᠪᠦᠲᠦᠮᠵᠢ ᠶᠢ ᠪᠤᠢ ᠪᠣᠯᠭᠠᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ