ᠬᠥᠬᠡᠬᠤᠲᠠ ᠶᠢᠨ ᠲᠦᠷᠪᠡᠨ ᠤᠯᠠᠷᠢᠯ ᠤᠨ ᠨᠠᠶᠢᠷᠠᠯ ᠬᠥᠭᠵᠢᠮ ᠤᠨ ᠰᠢᠷᠢᠰ ᠦᠳᠡᠰᠢᠯᠡᠭᠡ ᠡᠬᠢᠯᠡᠪᠡ
ᠨᠡᠶᠢᠲᠡᠯᠡᠭᠰᠡᠨ ᠴᠠᠭ᠄
2023/3/2
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠤ ᠬᠤᠩ ᠯᠢᠶᠠᠨ︶ ︽ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠶ᠎ᠠ ︾ ᠨᠠᠶᠢᠷᠠᠯ ᠬᠥᠭᠵᠢᠮ ᠤᠨ ᠦᠳᠡᠰᠢᠯᠡᠭᠡ ᠣᠶᠢᠷ᠎ᠠ ᠳᠤ ᠬᠦᠬᠡᠬᠤᠳᠠ ᠶᠢᠨ ᠤᠯᠠᠭᠠᠨ ᠲᠢᠶᠠᠲᠷ ᠲᠤ ᠶᠠᠪᠤᠭᠳᠠᠵᠦ᠂ ᠬᠥᠬᠡᠬᠤᠲᠠ ᠶᠢᠨ ᠠᠢ ᠶᠤᠧᠠᠢ ᠬᠥᠭᠵᠢᠮ ᠤᠨ ᠪᠦᠯᠬᠦᠮ ᠤᠨ ᠤᠷᠠᠯᠢᠭᠴᠢᠳ ᠭᠤᠴᠣ ᠰᠠᠶᠢᠬᠠᠨ ᠲᠣᠭᠯᠠᠯᠲᠠ ᠪᠠᠷ  ᠢᠶᠠᠨ ᠲᠦᠷᠪᠡᠨ ᠤᠯᠠᠷᠢᠯ ᠤᠨ ᠨᠠᠶᠢᠷᠠᠯ ᠬᠥᠭᠵᠢᠮ ᠤᠨ ᠰᠢᠷᠢᠰ ᠦᠳᠡᠰᠢᠯᠡᠭᠡ ᠶᠢᠨ ᠨᠢᠭᠡ ︽ᠬᠠᠪᠤᠷ ᠤᠨ ᠤᠶᠠᠩᠭ᠎ᠠ︾ ᠶᠢ ᠲᠤᠭᠯᠠᠵᠠᠢ᠃      ᠦᠳᠡᠰᠢᠯᠡᠭᠡ ᠨᠢ ︽ᠪᠡᠭᠡᠵᠢᠩ ᠤᠨ ᠪᠠᠶᠠᠷᠳᠦ ᠴᠢᠮᠡᠭᠡ︾ ᠭᠡᠬᠦ ᠲᠣᠭᠯᠠᠯᠲᠠ ᠪᠠᠷ ᠡᠬᠢᠯᠡᠵᠦ᠂ ︽ᠮᠢᠨᠤ ᠦᠪᠦᠷ ᠮᠤᠩᠭᠤᠯ︾᠂ ︽ᠶᠣᠣ ᠦᠨᠳᠦᠰᠦᠲᠡᠨ ᠤ ᠪᠥᠵᠢᠭ︾᠂ ︽ᠡᠮᠡᠭᠲᠡᠢ ᠤᠯᠠᠭᠠᠨ ᠴᠡᠷᠢᠭ︾ ᠵᠡᠷᠭᠡ ᠰᠣᠩᠭᠤᠳᠠᠭ ᠳᠠᠭᠤᠤ ᠬᠥᠭᠵᠢᠮ ᠵᠢᠴᠢ ᠵᠢᠴᠢ ︽ᠮᠢᠨᠦ ᠳᠤᠮᠳᠠᠳᠤ ᠶᠢᠨ ᠰᠡᠳᠭᠢᠯ︾᠂ ︽ᠠᠱᠢᠮᠠ︾ ᠵᠡᠷᠭᠡ ᠢᠷᠠᠭᠤ ᠰᠠᠶᠢᠬᠠᠨ ᠲᠣᠭᠯᠠᠯᠲᠠ ᠨᠢ ᠦᠵᠡᠭᠴᠢᠳ ᠤᠨ ᠲᠠᠭᠠᠰᠢᠶᠠᠯ ᠳᠤ ᠬᠦᠷᠴᠡᠢ᠃      ᠦᠳᠡᠰᠢᠯᠡᠭᠡ ᠶᠢᠨ ᠤᠳᠤᠷᠢᠳᠤᠭᠠᠴᠢ᠂ ᠳᠤᠮᠳᠠᠳᠤ ᠤᠯᠤᠰ ᠤᠨ ᠠᠢ ᠶᠤᠧᠠᠢ ᠬᠥᠭᠵᠢᠮ ᠤᠨ ᠪᠦᠯᠬᠦᠮ ᠤᠨ ᠪᠠᠶᠢᠩᠭᠤ ᠶᠢᠨ ᠤᠳᠤᠷᠢᠳᠤᠭᠠᠴᠢ ᠬᠤᠸᠠᠩ ᠢ ᠄ ︽ᠬᠥᠬᠡᠬᠤᠲᠠ ᠪᠣᠯ ᠠᠮᠢᠵᠢᠷᠠᠯ ᠤᠨ ᠬᠦᠴᠦᠨ ᠪᠢᠯᠬᠠᠬᠰᠠᠨ ᠭᠠᠵᠠᠷ᠂ ᠡᠶᠢᠮᠦ ᠰᠠᠶᠢᠬᠠᠨ ᠬᠤᠲᠠ ᠳᠤ ᠲᠤᠭᠯᠠᠯᠳᠠ ᠭᠠᠷᠭᠠᠭᠰᠠᠨ ᠳᠠᠭᠠᠨ ᠮᠠᠰᠢ ᠪᠠᠶᠠᠷᠳᠠᠢ ᠪᠠᠶᠢᠨ᠎ᠠ᠃ ᠪᠢᠬᠥᠬᠡᠬᠤᠲᠠ ᠶᠢᠨ ᠠᠢ ᠶᠤᠧᠠᠢ ᠬᠥᠭᠵᠢᠮ ᠤᠨ ᠪᠦᠯᠬᠦᠮ ᠲᠠᠢ ᠤᠯᠠᠨ ᠤᠳᠠᠭ᠎ᠠ ᠬᠠᠮᠲᠤᠷᠠᠯᠴᠠᠭᠰᠠᠨ᠂ ᠡᠨᠡ ᠤᠳᠠᠭᠠᠨ ᠤ ᠦᠳᠡᠰᠢᠯᠡᠭᠡ ᠶᠢᠨ ᠲᠣᠭᠯᠠᠯᠲᠠ ᠨᠢ  ᠴᠥᠮ ᠤᠯᠤᠰ ᠤᠨ ᠳᠤᠳᠤᠭᠠᠳᠦ ᠶᠢᠨ ᠰᠢᠯᠢᠳᠡᠭ ᠳᠠᠭᠤᠤ ᠬᠥᠭᠵᠢᠮ ᠤᠨ ᠪᠦᠲᠦᠭᠡᠯ ᠪᠣᠯᠣᠨ᠎ᠠ᠂ ᠡᠨᠡ ᠬᠦ ᠲᠣᠭᠯᠠᠯᠲᠠ ᠪᠠᠷ ᠳᠠᠮᠵᠢᠭᠤᠯᠵᠤ ᠥᠷᠭᠡᠨ ᠤᠯᠠᠨ ᠳᠠᠭᠤᠤ ᠬᠥᠭᠵᠢᠮ ᠤᠨ ᠪᠠᠭ᠋ᠠᠳᠠᠳ ᠲᠤ ᠨᠡᠩ ᠤᠯᠠᠨ ᠳᠤᠮᠳᠠᠳᠤ ᠤᠯᠤᠰ ᠤᠨ ᠰᠣᠩᠭᠤᠳᠠᠭ ᠤᠷᠠᠯᠢᠭ ᠤᠨ ᠪᠦᠲᠦᠭᠡᠯ ᠢ ᠰᠤᠨᠢᠷᠬᠠᠭᠤᠯᠬᠤ ᠶᠢ ᠵ‍‌ᠵᠣᠷᠢᠯ᠎ᠠ︾ ᠭᠡᠵᠦ ᠶᠠᠷᠢᠪᠠ᠃     ᠡᠨᠡ ᠤᠳᠠᠭᠠᠨ ᠤ ᠳᠠᠭᠤᠤ ᠬᠥᠭᠵᠢᠮ ᠤᠨ ᠦᠳᠡᠰᠢᠯᠡᠭᠡ ᠳᠤ ︽ᠴᠤᠭ ᠵᠤᠯᠪᠤᠭᠠᠳᠦ ᠬᠥᠬᠡᠬᠤᠲᠠ︾᠂ ︽ᠪᠠᠭ᠋ᠠᠷᠤᠮ᠎ᠠ ᠰᠠᠶᠢᠬᠠᠨ ᠬᠡᠪ ᠨᠠᠮᠪᠠ︾ ᠵᠡᠷᠭᠡ ᠤᠷᠤᠰᠬᠠᠯ  ᠳᠠᠭᠤᠤ ᠬᠥᠭᠵᠢᠮ ᠢ ᠰᠣᠩᠭᠤᠭᠰᠠᠨ ᠲᠤᠬᠠᠢ ᠬᠤᠸᠠᠩ ᠢ᠄ ︽ᠣᠲᠣᠬᠠᠨ ᠳᠤ᠂ ᠨᠠᠶᠢᠷᠠᠯ ᠬᠥᠭᠵᠢᠮ ᠤᠨ ᠪᠦᠯᠬᠦᠮ ᠴᠦ ᠣᠯᠠᠨ ᠡᠰᠢᠲᠦ ᠬᠥᠭᠵᠢᠯᠲᠡ ᠶᠢᠨ ᠲᠤᠷᠰᠢᠴᠠ ᠬᠢᠵᠦ ᠪᠠᠶᠢᠨ᠎ᠠ᠂ ᠦᠵᠡᠭᠴᠢᠳ ᠤᠨ ᠳᠤᠷ᠎ᠠ ᠪᠠᠬ᠎ᠠ ᠳᠤ ᠨᠡᠶᠢᠴᠡᠭᠦᠯᠵᠦ᠂ ᠦᠵᠡᠭᠴᠢᠳ ᠢᠶᠠᠨ ᠪᠠᠶᠠᠰᠬᠠᠬᠤ ᠶᠢ ᠵᠣᠷᠢᠭᠰᠠᠨ ᠶᠤᠮ︾ ᠭᠡᠵᠦ ᠬᠡᠯᠡᠪᠡ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ