ᠬᠦᠬᠡᠬᠤᠳᠠ ︽ᠳᠤᠮᠳᠠᠳᠤ ᠤᠯᠤᠰ ᠤᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠬᠤᠲᠠ︾ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2023/3/2
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠤ ᠬᠤᠩ ᠯᠢᠶᠠᠨ︶ ᠬᠦᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠣᠶᠢᠯᠠᠭᠠᠭᠰᠠᠨ  ᠢᠶᠠᠷ᠂ ᠣᠶᠢᠷ᠎ᠠ ᠳᠤ᠂ ᠪᠡᠭᠡᠵᠢᠩ ᠳᠤ ᠶᠠᠪᠤᠭᠳᠠᠭᠰᠠᠨ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠠᠶᠠᠯᠠᠯ · ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠶᠡᠭᠡ ᠬᠤᠷᠠᠯ ᠳᠤ᠂ ᠤᠷᠤᠰᠢᠨ ᠰᠠᠭᠤᠷᠢᠰᠢᠬᠤ ᠳᠤ ᠲᠠᠭᠠᠯᠠᠮᠵᠢᠲᠠᠶ ᠳᠥᠷᠪᠡᠨ ᠤᠯᠠᠷᠢᠯ ᠤᠨ ᠠᠭᠤᠷ ᠠᠮᠢᠰᠬᠤᠯ ᠲᠠᠢ᠂ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠲᠠᠢ᠂ ᠥᠨᠢ ᠤᠳᠠᠭᠠᠨ ᠲᠡᠦᠬᠡ ᠰᠣᠶᠣᠯ ᠲᠠᠢ ᠬᠥᠬᠡᠬᠤᠲᠠ ︽ᠳᠤᠮᠳᠠᠳᠤ ᠤᠯᠤᠰ ᠤᠨ ᠡᠷᠡᠭᠦᠯᠵᠢᠯ  ᠰᠤᠪᠢᠯᠠᠯᠲᠠ ᠶᠢᠨ ᠵᠢᠭᠤᠯᠴᠢᠯᠠᠯ ᠤᠨ ᠬᠤᠲᠠ︾ ᠪᠠᠷ ᠦᠨᠡᠯᠡᠭᠳᠡᠪᠡ᠃      ᠣᠶᠢᠷ᠎ᠠ ᠶᠢᠨ ᠵᠢᠯ ᠳᠤ᠂ ᠬᠦᠬᠡᠬᠤᠲᠠ ᠤᠷᠤᠰᠢᠨ ᠰᠠᠭᠤᠷᠢᠰᠢᠬᠤ ᠳᠤ ᠲᠣᠬᠢᠷᠠᠮᠵᠢᠲᠠᠶ᠂ ᠠᠵᠢᠯᠯᠠᠬᠤ ᠳᠤ ᠲᠣᠬᠢᠷᠠᠮᠵᠢᠲᠠᠶ᠂ ᠰᠤᠷᠤᠯᠴᠠᠬᠤ ᠳᠤ ᠲᠣᠬᠢᠷᠠᠮᠵᠢᠲᠠᠶ᠂ ᠵᠢᠭᠤᠯᠴᠢᠯᠠᠬᠤ ᠳᠤ ᠲᠣᠬᠢᠷᠠᠮᠵᠢᠲᠠᠶ ᠴᠢᠨᠠᠷ ᠰᠠᠶᠢᠲᠠᠢ ᠬᠤᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠮ ᠢ ᠬᠠᠶᠢᠨ ᠰᠦᠪᠡᠭᠴᠢᠯᠡᠵᠦ᠂ ︽ᠦᠵᠡᠰᠭᠦᠯᠡᠩᠲᠦ ᠰᠠᠶᠢᠬᠠᠨ ᠲᠠᠯ᠎ᠠ ᠨᠤᠲᠤᠭ ᠤᠨ ᠲᠤᠮᠤ ᠬᠤᠲᠠ︾ ᠶᠢᠨ ᠦᠵᠡᠮᠵᠢ ᠶᠢᠨ ᠣᠷᠣᠨ ᠢ ᠪᠥᠬᠦ ᠬᠦᠴᠦᠨ ᠢᠶᠠᠷ ᠴᠣᠭᠴᠠᠯᠠᠨ ᠪᠠᠶᠢᠭᠤᠯᠵᠤ᠂ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠲᠥᠷᠥᠯ ᠲᠡᠮᠳᠡᠭ ᠤᠨ ᠳᠦᠷᠢ ᠲᠥᠷᠬᠦ ᠶᠢ ᠤᠬᠠᠭᠤᠯᠤᠨ ᠳᠡᠯᠭᠡᠷᠡᠭᠦᠯᠬᠦ ᠲᠠᠯ᠎ᠠ ᠪᠠᠷ ᠢᠯᠡᠳᠳᠡ ᠠᠮᠵᠢᠯᠳᠠ ᠤᠯᠪᠠ᠃      ᠬᠥᠬᠡᠬᠤᠲᠠ 2300 ᠭᠠᠷᠤᠢ ᠵᠢᠯ ᠤᠨ ᠲᠡᠦᠬᠡ ᠲᠠᠢ᠂ ︽ᠤᠯᠤᠰ ᠤᠨ ᠲᠡᠦᠬᠡ ᠰᠣᠶᠣᠯ ᠤᠨ ᠨᠡᠷᠡᠳᠤ ᠬᠤᠳᠠ︾᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠳᠠ︾᠂ ︽ᠤᠯᠤᠰ ᠤᠨ ᠡᠷᠡᠭᠦᠯ ᠬᠠᠮᠠᠭᠠᠯᠠᠯ ᠤᠨ ᠬᠤᠳᠠ︾ ᠪᠠᠷ ᠨᠡᠷᠡᠶᠢᠳᠦᠭᠳᠡᠵᠡᠢ᠃ ᠬᠠᠳᠤᠨ ᠭᠤᠣᠯ ᠤᠨ ᠳᠡᠭᠡᠳᠦ᠂ ᠳᠤᠮᠳᠠ ᠤᠷᠤᠰᠬᠠᠯ ᠤᠨ ᠵᠠᠭᠠᠭ ᠲᠤ ᠤᠷᠤᠰᠢᠨ᠂ ︽ᠦᠵᠡᠰᠭᠦᠯᠡᠩᠲᠦ ᠰᠠᠶᠢᠬᠠᠨ ᠲᠠᠯ᠎ᠠ ᠨᠤᠲᠤᠭ ᠤᠨ ᠤᠨ ᠲᠤᠮᠤ ᠬᠤᠳᠠ︾ ᠬᠡᠮᠡᠭᠳᠡᠳᠡᠭ᠃ ᠬᠥᠬᠡᠬᠤᠲᠠ ᠪᠠᠰᠠ ︽ᠤᠯᠤᠰ ᠤᠨ ᠤᠢ ᠰᠢᠭᠤᠢ ᠶᠢᠨ ᠬᠤᠳᠠ︾᠂ ︽ᠳᠤᠮᠳᠠᠳᠤ ᠤᠯᠤᠰ ᠤᠨ ᠰᠢᠯᠢᠳᠡᠭ ᠵᠢᠭᠤᠯᠴᠢᠯᠠᠯ ᠤᠨ ᠬᠤᠳᠠ︾᠂ ︽ᠳᠤᠮᠳᠠᠳᠤ ᠤᠯᠤᠰ ᠤᠨ ᠠᠷᠪᠠᠨ ᠶᠡᠭᠡ ᠵᠣᠯ ᠵᠢᠷᠭᠠᠯᠲᠤ ᠬᠤᠳᠠ︾᠂ ︽ᠪᠦᠬᠦ ᠤᠯᠤᠰ ᠤᠨ ᠰᠠᠶᠢᠨ ᠰᠠᠶᠢᠬᠠᠨ ᠠᠮᠢᠳᠤᠷᠠᠯ ᠤᠨ ᠬᠤᠳᠠ︾ ᠵᠡᠷᠭᠡ ᠤᠯᠠᠨ ᠢᠷᠠᠭᠤ ᠠᠯᠳᠠᠷ ᠲᠠᠢ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ