ᠪᠦᠬᠦ ᠬᠤᠲᠠ ᠶᠢᠨ ᠭᠤᠣᠯᠳᠠᠯᠭ᠎ᠠ ᠲᠠᠢ ᠠᠵᠢᠯ ᠤᠨ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/20
ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠠᠷᠢᠭᠤᠨ᠎ᠠ︶ 3 ᠳ᠋ᠤᠭᠠᠷ ᠰᠠᠷ᠎ᠠ ᠶᠢᠨ 17 ᠤ ᠡᠳᠦᠷ᠂ ᠪᠥᠬᠦ ᠬᠤᠲᠠ ᠶᠢᠨ ᠭᠤᠣᠯᠳᠠᠯᠭ᠎ᠠ ᠲᠠᠢ ᠠᠵᠢᠯ ᠤᠨ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠵᠤ᠂ ᠬᠡᠰᠡᠭ ᠭᠠᠵᠠᠷ ᠣᠷᠣᠨ ᠪᠠ ᠰᠠᠯᠠᠭ᠎ᠠ ᠮᠥᠴᠢᠷ ᠤᠨ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠡᠷᠦᠩᠬᠡᠢ ᠳᠤᠨᠢ ᠦᠨᠡᠯᠡᠯᠲᠡ ᠬᠢᠭᠰᠡᠨ ᠪᠠᠶᠢᠨ᠎ᠠ᠃      ᠬᠤᠷᠠᠯ ᠳᠡᠭᠡᠷ᠎ᠡ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ 1—2 ᠳ᠋ᠤᠭᠠᠷ ᠰᠠᠷ᠎ᠠ ᠶᠢᠨ ᠪᠦᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ︔᡽ᠬᠤᠲᠠ ᠶᠢᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠵᠢᠯᠣᠭᠤᠳᠤᠯᠭ᠎ᠠ ᠲᠣᠬᠢᠷᠠᠭᠤᠯᠭ᠎ᠠ ᠶᠢᠨ ᠲᠥᠪ ᠠᠴᠠ ᠪᠥᠬᠦ ᠬᠤᠲᠠ ᠶᠢᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ︔ ᠬᠡᠰᠡᠭ ᠭᠠᠵᠠᠷ ᠣᠷᠣᠨ ᠵᠢᠴᠢ ᠰᠠᠯᠠᠭ᠎ᠠ ᠮᠥᠴᠢᠷ ᠠᠴᠠ ᠰᠠᠨᠠᠯ ᠢᠶᠠᠨ ᠰᠣᠯᠢᠯᠴᠠᠬᠤ ᠪᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠾᠧ ᠬᠠᠢ ᠳ᠋ᠦᠩ ᠱᠠᠭᠠᠷᠳᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠭᠦᠢᠴᠡᠳᠬᠡᠯ ᠲᠤᠭ᠎ᠠ ᠶᠢ ᠲᠠᠯᠪᠢᠯ ᠦᠭᠡᠢ ᠴᠢᠩᠭ᠎ᠠ ᠠᠳᠬᠤᠵᠤ ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ︽ᠰᠠᠶᠢᠨ ᠡᠬᠢᠯᠡᠯᠲᠡ︾ ᠶᠢ ᠪᠦᠬᠦ ᠬᠦᠴᠦᠨ ᠢᠶᠠᠷ ᠢᠶᠠᠨ ᠲᠡᠮᠡᠴᠡᠬᠦ ᠬᠡᠷᠡᠭᠲᠡᠢ︔ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠡᠬᠢᠯᠡᠭᠦᠯᠬᠦ᠂ ᠠᠵᠢᠯ ᠰᠡᠷᠭᠦᠭᠡᠭᠰᠡᠨ ᠪᠠᠶᠢᠳᠠᠯ ᠢ ᠴᠢᠩᠭ᠎ᠠ ᠠᠩᠬᠠᠷᠴᠤ᠂ ᠴᠢᠬᠤᠯᠠ ᠶᠡᠭᠡ ᠪᠠᠷᠢᠯᠭ᠎ᠠ ᠶᠢᠨ ᠲᠦᠷᠦᠯ ᠵᠦᠢᠯ ᠤᠨ ᠠᠵᠢᠯ ᠢᠶᠠᠨ ᠡᠬᠢᠯᠡᠭᠦᠯᠦᠨ ᠦᠢᠯᠡᠳᠪᠦᠷᠢᠯᠡᠯ ᠢᠶᠠᠨ ᠰᠡᠷᠭᠦᠭᠡᠬᠦ ᠶᠢᠨ ᠬᠥᠲᠥᠯᠥᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ︔ ᠪᠡᠯᠡ ᠣᠷᠣᠭᠤᠯᠤᠯᠲᠠ ᠶᠢᠨ ᠲᠥᠯᠦᠪᠵᠢᠭᠦᠯᠭᠡ ᠶᠢ ᠰᠠᠶᠢᠲᠤᠷ ᠬᠢᠵᠦ᠂ ᠠᠵᠤ ᠠᠬᠤᠢ ᠳᠤ ᠬᠦᠴᠦᠨ ᠬᠤᠷᠠᠮᠳᠤᠭᠤᠯᠬᠤ ᠬᠡᠷᠡᠭᠲᠡᠢ︔ ᠣᠷᠣᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ︔ ᠠᠵᠤ ᠦᠢᠯᠡᠳᠪᠦᠷᠢ ᠶᠢᠨ ᠬᠥᠭᠵᠢᠯᠲᠡ ᠶᠢ ᠴᠢᠬᠤᠯᠠᠴᠢᠯᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠪᠡᠶᠡᠯᠡᠭᠦᠯᠵᠦ ᠦᠷ᠎ᠡ ᠠᠰᠢᠭ ᠣᠯᠬᠤ ᠶᠢ ᠠᠬᠢᠭᠤᠯᠬᠤ ᠬᠡᠷᠡᠭᠲᠡᠢ︔ ᠲᠠᠷᠢᠶᠠᠯᠠᠩ ᠤᠨ ᠬᠥᠭᠵᠢᠯᠲᠡ ᠲᠣᠭᠲᠠᠭᠤᠨ ᠢᠶᠠᠨ ᠬᠠᠳᠠᠭᠠᠯᠠᠵᠤ ᠤᠷᠤᠭᠰᠢ ᠳᠠᠪᠰᠢᠬᠤ ᠰᠠᠶᠢᠨ ᠰᠠᠶᠢᠬᠠᠨ ᠪᠠᠶᠢᠳᠠᠯ ᠢ ᠴᠠᠭ ᠢᠮᠠᠭᠲᠠ ᠬᠠᠳᠠᠭᠠᠯᠠᠵᠤ᠂ ᠬᠠᠩᠭᠠᠯᠭ᠎ᠠ ᠶᠢ ᠭᠦᠢᠴᠡᠳ ᠪᠠᠲᠤᠯᠠᠵᠤ᠂ ᠲᠠᠷᠢᠶᠠᠯᠠᠩ ᠤᠨ ᠴᠠᠭ ᠢ ᠰᠠᠭᠠᠲᠠᠭᠠᠬᠤ ᠦᠭᠡᠢ ᠪᠠᠶᠢᠬᠤ ᠬᠡᠷᠡᠭᠲᠡᠢ︔ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠡᠯᠡ ᠮᠥᠩᠭᠦ ᠶᠢ ᠨᠢᠭᠡᠳᠦᠯᠲᠡᠢ ᠰᠠᠶᠢᠲᠤᠷ ᠲᠥᠯᠥᠪᠵᠢᠭᠦᠯᠵᠦ᠂ ᠳᠡᠮᠵᠢᠬᠦ ᠭᠤᠣᠯᠳᠠᠯᠭ᠎ᠠ ᠪᠠᠨ ᠰᠠᠶᠢᠲᠤᠷ ᠰᠣᠩᠭᠤᠵᠤ᠂ ᠬᠡᠷᠡᠭᠯᠡᠭᠡᠨ ᠤ ᠣᠷᠴᠢᠨ ᠲᠣᠭᠤᠷᠢᠨ ᠢ ᠦᠷᠭᠦᠯᠵᠢᠯᠡᠨ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠬᠦ ᠬᠡᠷᠡᠭᠲᠡᠢ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠳᠤ ᠰᠢᠨ᠎ᠡ ᠰᠢᠪᠲᠤᠯᠤᠯᠲᠠ ᠭᠠᠷᠭᠠᠵᠤ᠂ ᠠᠵᠤ ᠠᠬᠤᠶᠢᠯᠠᠯ ᠲᠠᠢ ᠢᠯᠡᠭᠦᠬᠡᠨ ᠵᠥᠪᠳᠡᠯᠴᠡᠨ ᠰᠣᠯᠢᠯᠴᠠᠵᠤ᠂ ᠬᠠᠮᠲᠤᠷᠠᠯᠴᠠᠭ᠎ᠠ ᠪᠠᠨ ᠥᠷᠭᠡᠳᠬᠡᠵᠦ᠂ ᠴᠢᠨᠠᠷ ᠰᠠᠶᠢᠲᠠᠢ ᠲᠦᠷᠦᠯ ᠵᠦᠢᠯ ᠢ ᠣᠨᠣᠪᠴᠢᠲᠠᠢ ᠡᠷᠢᠵᠦ ᠬᠦᠴᠦ ᠣᠷᠣᠭᠤᠯᠤᠨ ᠠᠪᠴᠢᠷᠠᠬᠤ ᠬᠡᠷᠡᠭᠲᠡᠢ︔ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠠᠵᠢᠯ ᠳᠤ ᠲᠣᠬᠢᠷᠠᠭᠤᠯᠭ᠎ᠠ ᠶᠢ ᠠᠳᠬᠤᠵᠤ᠂ ︽ᠲᠠᠪᠤᠨ ᠨᠤᠷᠮ᠎ᠠ︾ ᠶᠢ ᠠᠳᠬᠤᠵᠤ᠂ ᠬᠠᠷᠢᠭᠤᠴᠠᠯᠭ᠎ᠠ ᠶᠢ ᠠᠳᠬᠤᠵᠤ᠂ ᠤᠨᠢᠨ ᠳᠡᠭᠡᠷ᠎ᠡ ᠨᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠰᠢᠨ᠎ᠡ᠂ ᠵᠠᠩ ᠵᠢᠢ ᠹᠧᠢ᠂ ᠸᠠᠩ ᠰᠢᠨ ᠢᠦᠢ᠂ ᠰᠢᠦᠢ ᠱᠧᠦ ᠵᠢᠢ᠂ ᠮᠠ ᠪᠢᠩ ᠴᠢᠤᠸᠠᠨ᠂ ᠯᠢ ᠰᠢᠶᠣᠣ ᠶᠠᠨ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠨᠠᠷ ᠬᠤᠷᠠᠯ ᠳᠤ ᠣᠷᠣᠯᠴᠠᠪᠠ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ