ᠾᠧ ᠬᠠᠢ ᠳ᠋ᠦᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠯᠢᠶᠠᠩ ᠵᠢᠩ ᠱᠤ᠋︶ 3 ᠳ᠋ᠤᠭᠠᠷ ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ | ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ | ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠥᠬᠡᠬᠤᠲᠠ ᠶᠢᠨ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠨᠦᠭᠦᠳ︾ ︽ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ | ᠰᠢᠢᠳᠪᠦᠷᠢᠯᠡᠬᠦ ᠪᠣᠳᠠᠲᠠᠢ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠢ ᠮᠡᠳᠡᠭᠳᠡᠯ︾ ︽ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ | ᠣᠷᠣᠨ ᠤ ᠬᠥᠭᠵᠢᠯᠲᠡ ᠶᠢ ᠳᠡᠮᠵᠢᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ | ᠬᠤᠷᠠᠯ ᠠᠴᠠ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠨᠢᠭᠡᠨᠲᠡ ᠵᠠᠩᠭᠢᠯᠠᠭ᠎ᠠ ᠶᠢᠨ ᠱᠠᠲᠤᠨ ᠳᠤ ᠣᠷᠣᠵᠠᠢ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠲᠣᠭᠤᠷᠢᠭ | ᠂ ᠡᠮᠨᠡᠯᠭᠡ ᠶᠢᠨ ᠬᠤᠷᠢᠶ᠎ᠠ᠂ ᠳᠤᠮᠳᠠᠳᠤ ᠪᠠᠭ᠎ᠠ ᠰᠤᠷᠭᠠᠭᠤᠯᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠨᠡᠶᠢᠲᠡ ᠶᠢᠨ ᠵᠣᠷᠯᠣᠩ ᠵᠡᠷᠭᠡ ᠭᠤᠣᠯᠳᠠᠯᠭ᠎ᠠ ᠲᠠᠢ ᠲᠠᠯᠠᠪᠤᠷ ᠵᠢᠴᠢ | ᠡᠷᠬᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠤᠨᠢᠨ ᠳᠡᠭᠡᠷ᠎ᠡ ᠨᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠴᠡᠭᠴᠡᠯᠡᠨ ᠰᠠᠶᠢᠵᠢᠷᠠᠭᠤᠯᠬᠤ ᠳᠤ ᠥᠨᠴᠥᠭ ᠪᠤᠯᠤᠩ | ᠦᠯᠡᠳᠡᠭᠡᠬᠦ ᠦᠭᠡᠢ᠂ ᠠᠰᠠᠭᠤᠳᠠᠯ ᠢ ᠪᠦᠬᠦᠨ ᠢ ᠰᠢᠢᠳᠪᠦᠷᠢᠯᠡᠬᠦ ᠬᠡᠷᠡᠭᠲᠡᠢ︔ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠵᠣᠬᠢᠶᠠᠨ ᠪᠠᠶᠢᠭᠤᠯᠤᠨ ᠤᠳᠤᠷᠢᠳᠬᠤ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠵᠤ᠂ ᠡᠯ᠎ᠡ | ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠨᠢ ᠮᠠᠨ ᠤ ᠬᠤᠳᠠ ᠶᠢᠨ ᠭᠤᠣᠯᠯᠠᠭᠴᠢ ᠠᠵᠤ ᠦᠢᠯᠡᠰ ᠪᠣᠯᠣᠨ ᠬᠦᠷᠢᠶᠡᠯᠡᠩ | ᠲᠣᠭᠤᠷᠢᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠬᠠᠮᠢᠶ᠎ᠠ ᠪᠦᠬᠦᠢ ᠰᠠᠨᠠᠯ ᠢ ᠴᠢᠨᠠᠭᠰᠢᠳᠠ ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠴᠢᠳᠠᠪᠬᠢ ᠶᠢᠨ ᠳᠠᠪᠠᠭᠤᠯᠢᠭ ᠪᠣᠯᠣᠨ ᠨᠥᠯᠥᠭᠡᠯᠡᠨ ᠳᠠᠶᠢᠴᠢᠯᠠᠬᠤ | ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠪᠦᠬᠦ ᠬᠤᠳᠠ ᠶᠢᠨ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ ᠳᠠᠪᠠᠯᠲᠠ ᠲᠠᠢ | ᠬᠥᠭᠵᠢᠬᠦ ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ︽ᠬᠥᠬᠡᠬᠤᠲᠠ ᠶᠢᠨ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠨᠦᠭᠦᠳ︾ ᠪᠠ ︽ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ | ᠰᠢᠢᠳᠪᠦᠷᠢᠯᠡᠬᠦ ᠪᠣᠳᠠᠲᠠᠢ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠢ ᠮᠡᠳᠡᠭᠳᠡᠯ︾ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |