ᠮᠠᠨ ᠤ ᠬᠤᠲᠠ ᠶᠢᠨ 325 ᠭᠤᠣᠯᠳᠠᠯᠭ᠎ᠠ ᠲᠠᠢ ᠲᠥᠷᠥᠯ ᠵᠦᠢᠯ ᠠᠵᠢᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2023/3/20
       ︵ᠰᠤᠷᠪᠤᠯᠵᠢᠯᠠᠭᠴᠢ ᠶᠦᠨ ᠶᠠᠨ ᠹᠠᠩ︶ ᠰᠤᠷᠪᠤᠯᠵᠢᠯᠠᠭᠴᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠨᠢ ᠂ ᠣᠳᠣ ᠪᠣᠯᠬᠤ ᠳᠤ᠂ ᠪᠥᠬᠦ ᠬᠤᠲᠠ ᠶᠢᠨ 1100 ᠭᠤᠣᠯᠳᠠᠯᠭ᠎ᠠ ᠲᠠᠢ ᠲᠥᠷᠥᠯ ᠵᠦᠢᠯ ᠤᠨ 325 ᠨᠢ ᠨᠢᠭᠡᠨᠲᠡ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠪᠡ᠃       ᠡᠭᠦᠨ ᠳᠤ᠂ ᠬᠤᠲᠠ ᠶᠢᠨ ᠲᠣᠰ ᠱᠠᠲᠤᠨ ᠤ 114 ᠭᠤᠣᠯᠳᠠᠯᠭ᠎ᠠ ᠲᠠᠢ ᠲᠥᠷᠥᠯ ᠵᠦᠢᠯ 114 ᠠᠴᠠ 25 ᠨᠢ ᠠᠵᠢᠯ ᠤᠨ ᠡᠬᠢᠯᠡᠭᠦᠯᠵᠦ ᠠᠵᠢᠯ ᠢᠶᠠᠨ ᠰᠡᠷᠭᠦᠭᠡᠵᠦ᠂ ᠠᠵᠢᠯ ᠤᠨ ᠡᠬᠢᠯᠡᠭᠦᠯᠵᠦ ᠰᠡᠷᠭᠦᠭᠡᠭᠰᠡᠨ ᠨᠣᠷᠮ᠎ᠠ 21.9% ᠳᠤ ᠬᠥᠷᠪᠡ︔ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ 32 ᠭᠤᠣᠯᠳᠠᠯᠭ᠎ᠠ ᠲᠠᠢ ᠲᠥᠷᠥᠯ ᠵᠦᠢᠯ ᠠᠴᠠ 7 ᠨᠢ ᠨᠢᠭᠡᠨᠲᠡ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠪᠡ︔ ᠬᠤᠳᠠ ᠶᠢᠨ ᠬᠠᠷᠢᠶ᠎ᠠ ᠠᠵᠤ ᠠᠬᠤᠶᠢᠯᠠᠯ ᠤᠨ 82 ᠭᠤᠣᠯᠳᠠᠯᠭ᠎ᠠ ᠲᠠᠢ ᠲᠦᠷᠦᠯ ᠵᠦᠢᠯ ᠠᠴᠠ 18 ᠨᠢ ᠨᠢᠭᠡᠨᠲᠡ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠪᠡ᠃ ᠬᠤᠰᠢᠭᠤ ᠰᠢᠶᠠᠨ ᠲᠣᠭᠤᠷᠢᠭ ᠲᠤ ᠨᠡᠶᠢᠲᠡ 936 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 300 ᠨᠢ ᠠᠵᠢᠯ ᠢᠶᠠᠨ ᠡᠬᠢᠯᠡᠭᠦᠯᠵᠦ ᠰᠡᠷᠭᠦᠭᠡᠵᠦ᠂ ᠠᠵᠢᠯ ᠡᠬᠢᠯᠡᠭᠦᠯᠵᠦ ᠰᠡᠷᠭᠦᠭᠡᠭᠰᠡᠨ ᠨᠣᠷᠮ᠎ᠠ ᠨᠢ 32% ᠬᠦᠷᠴᠦ᠂ ᠢᠦᠢ ᠴᠢᠤᠸᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠠᠵᠢᠯ ᠡᠬᠢᠯᠡᠭᠦᠯᠦᠭᠰᠡᠨ ᠰᠡᠷᠭᠦᠭᠡᠭᠰᠡᠨ ᠨᠣᠷᠮ᠎ᠠ ᠪᠥᠬᠦ ᠬᠤᠲᠠ ᠶᠢᠨ ᠡᠮᠦᠨ᠎ᠡ ᠭᠤᠷᠪᠠ ᠳᠤ ᠵᠢᠭᠰᠠᠭᠠᠭᠳᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ