| | | ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠪᠣᠯᠣᠨ ︽ᠭᠤᠣᠯᠲᠤ ᠪᠣᠷᠣ ᠶᠢ | ᠦᠨᠳᠦᠰᠦᠯᠡᠭᠦᠯᠬᠦ ᠲᠥᠯᠥᠪᠯᠡᠭᠡ︾ ᠶᠢ ᠯᠠᠪᠳᠠᠭᠤᠨ ᠪᠠᠲᠤᠲᠠᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠠᠴᠠ | ᠲᠡᠭᠦᠰᠦᠭᠰᠡᠨ ᠰᠤᠷᠤᠭᠴᠢᠳ ᠵᠡᠷᠭᠡ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠬᠦ ᠶᠢᠨ ᠲᠥᠯᠥᠭᠡ᠂ 3 ᠳ᠋ᠤᠭᠠᠷ ᠰᠠᠷ᠎ᠠ ᠶᠢᠨ 18 ᠤ ᠡᠳᠦᠷ᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ᠂ | ᠲᠣᠭᠤᠷᠢᠭ ᠤᠨ ᠵᠠᠰᠠᠭ ᠤᠨ ᠣᠷᠳᠣᠨ ᠪᠣᠯᠣᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠮᠲᠤᠷᠠᠨ | ᠡᠷᠬᠢᠯᠡᠭᠰᠡᠨ ︽ᠰᠠᠶᠢᠬᠠᠨ ᠲᠣᠭᠤᠷᠢᠭ ᠤᠨ ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︱ | ᠲᠣᠭᠤᠷᠢᠭ ᠤᠨ ᠳᠠᠷᠤᠭ᠎ᠠ ᠲᠠᠨ ᠢ ᠠᠵᠢᠯ ᠣᠯᠭᠤᠯᠲᠠ ᠶᠢᠨ ᠰᠢᠷᠢᠰ ᠠᠵᠢᠯᠲᠠᠨ ᠡᠯᠰᠡᠬᠦ ᠬᠤᠷᠠᠯ ᠳᠤ ᠳᠠᠭᠤᠳᠠᠵᠤ ᠪᠠᠶᠢᠨ᠎ᠠ︾ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠶᠠᠪᠤᠭᠳᠠᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠰᠦᠯᠵᠢᠶᠡᠨ ᠳᠡᠭᠡᠷ᠎ᠡ ᠪᠠ | ᠰᠦᠯᠵᠢᠶᠡᠨ ᠠᠴᠠ ᠭᠠᠳᠠᠭᠤᠷᠬᠢ ᠬᠤᠶᠠᠷ ᠵᠦᠢᠯ ᠤᠨ ᠬᠡᠯᠪᠡᠷᠢ ᠪᠠᠷ ᠵᠡᠷᠭᠡᠪᠡᠷ ᠶᠠᠪᠤᠭᠳᠠᠭᠤᠯᠵᠤ᠂ ᠰᠦᠯᠵᠢᠶᠡᠨ ᠳᠡᠭᠡᠷ᠎ᠡ | ᠰᠢᠭᠤᠳ ᠨᠡᠪᠲᠡᠷᠡᠭᠦᠯᠬᠦ ᠬᠡᠯᠪᠡᠷᠢ ᠪᠠᠷ ᠳᠡᠭᠡᠳᠦ ᠰᠤᠷᠭᠠᠭᠤᠯᠢ ᠳᠤ ᠣᠷᠣᠵᠤ ᠪᠠᠭᠰᠢ ᠰᠤᠷᠤᠭᠴᠢᠳ ᠲᠠᠢ ᠰᠠᠨᠠᠯ ᠢᠶᠠᠨ | ᠰᠣᠯᠢᠯᠴᠠᠵᠤ᠂ ᠰᠦᠯᠵᠢᠶᠡᠨ ᠭᠠᠳᠠᠨ᠎ᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠠᠵᠢᠯᠲᠠᠨ ᠬᠡᠷᠡᠭᠯᠡᠬᠦ | ᠨᠢᠭᠡᠴᠡ ᠶᠢ ᠵᠣᠬᠢᠶᠠᠨ ᠪᠠᠶᠢᠭᠤᠯᠤᠨ ︽ᠬᠠᠪᠤᠷ ᠤᠨ ᠰᠠᠯᠬᠢᠨ ᠤ ᠠᠵᠢᠯᠯᠠᠭ᠎ᠠ ᠵᠢᠴᠢ ᠠᠵᠢᠯ ᠣᠯᠭᠤᠯᠲᠠ ᠶᠢᠨ ᠲᠤᠰᠠᠯᠠᠮᠵᠢ ᠶᠢᠨ | ᠰᠠᠷ᠎ᠠ︾ ᠶᠢᠨ ᠠᠬᠤᠢ ᠲᠠᠯᠠᠪᠠᠢ ᠶᠢᠨ ᠠᠵᠢᠯᠲᠠᠨ ᠡᠯᠰᠡᠬᠦ ᠠᠵᠢᠯ ᠢ ᠥᠷᠨᠢᠭᠦᠯᠪᠡ᠃ ᠡᠭᠦᠨ ᠳᠤ᠂ ᠠᠬᠤᠢ ᠲᠠᠯᠠᠪᠠᠢ ᠶᠢᠨ | ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 104 ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ 2553 ᠠᠵᠢᠯ ᠤᠨ | ᠪᠠᠶᠢᠷᠢ ᠬᠠᠩᠭᠠᠭᠰᠠᠨ ᠪᠠᠶᠢᠨ᠎ᠠ᠃ ᠵᠢᠷᠤᠭ ᠪᠣᠯ ᠠᠵᠢᠯ ᠡᠷᠢᠭᠰᠡᠳ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠠᠰᠠᠭᠤᠨ | ᠯᠠᠪᠯᠠᠵᠤ ᠪᠠᠶᠢᠭ᠎ᠠ ᠨᠢ᠃ ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ |