ᠮᠠᠨ ᠤ ᠬᠤᠲᠠ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠬᠢᠵᠦ ᠪᠠᠶᠢᠨ᠎ᠠ
ᠨᠡᠶᠢᠲᠡᠯᠡᠭᠰᠡᠨ ᠴᠠᠭ᠄
2023/3/21
      ︵ᠰᠤᠷᠪᠤᠯᠵᠢᠯᠠᠭᠴᠢ ᠯᠢᠦ ᠱᠠ ᠱᠠ︶ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠡᠬᠢᠯᠡᠭᠰᠡᠨ ᠠᠴᠠ ᠨᠠᠰᠢ᠂ ᠮᠠᠨ ᠤ ᠬᠤᠲᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠠᠶᠤᠯᠭᠦᠢ ᠶᠢᠨ ᠬᠠᠯᠬᠠᠪᠴᠢ ᠶᠢᠨ ᠪᠠᠶᠢᠭᠤᠯᠤᠯᠲᠠ ᠶᠢ ᠴᠠᠭ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ᠤᠯᠤᠰ ᠲᠦᠷᠦ ᠶᠢ ᠡᠷᠬᠢᠮᠯᠡᠬᠦ ᠥᠨᠳᠥᠷ ᠠᠴᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠪᠠ᠃      2022 ᠣᠨ ᠠᠴᠠ ᠨᠠᠰᠢ᠂ ᠮᠠᠨ ᠤ ᠬᠤᠲᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠬᠤᠲᠠ ᠶᠢᠨ ᠨᠠᠮ ᠤᠨ ᠬᠤᠷᠢᠶ᠎ᠠ 8 ᠤᠳᠠᠭ᠎ᠠ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠤ᠂ ᠬᠤᠲᠠ ᠶᠢᠨ ᠵᠠᠰᠠᠭ ᠤᠨ ᠣᠷᠳᠣᠨ 12 ᠤᠳᠠᠭ᠎ᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠯᠠᠮᠵᠢᠯᠠᠨ ᠰᠤᠷᠤᠯᠴᠠᠵᠤ᠂ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠬᠤ ᠶᠢᠨ ᠬᠠᠮᠲᠤ ︽ᠬᠥᠬᠡᠬᠤᠲᠠ ᠶᠢᠨ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠲᠥᠰᠥᠯ ︾ ︵ᠬᠥᠬᠡᠬᠤᠲᠠ ᠨᠠᠮ ᠠᠯᠪᠠᠨ ᠲᠠᠷᠬᠠᠭᠠᠭᠰᠠᠨ ﹇2022﹈ 6 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ ᠡᠭᠦᠨ ᠤ ᠬᠠᠮᠲᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠴᠤ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠨᠠᠷᠢᠯᠢᠭᠵᠢᠭᠤᠯᠤᠭᠰᠠᠨ ᠤ ᠳᠠᠷᠠᠭᠠᠬᠢ ᠴᠡᠭᠴᠡᠯᠡᠨ ᠰᠠᠶᠢᠵᠢᠷᠠᠭᠤᠯᠬᠤ ᠲᠥᠰᠥᠯ ᠢ ᠵᠠᠯᠭᠠᠭ᠎ᠠ ᠪᠠᠷ ᠨᠡᠶᠢᠲᠡᠯᠡᠭᠰᠡᠨ ᠪᠠᠶᠢᠨ᠎ᠠ᠃      ᠴᠡᠭᠴᠡᠯᠡᠨ ᠰᠠᠶᠢᠵᠢᠷᠠᠭᠤᠯᠬᠤ ᠠᠵᠢᠯ ᠢ ᠡᠬᠢᠯᠡᠭᠦᠯᠦᠭᠰᠡᠨ ᠠᠴᠠ ᠨᠠᠰᠢ᠂ ᠮᠠᠨ ᠤ ᠬᠤᠲᠠ ᠤᠷᠢᠳ ᠬᠤᠵᠢᠳ ︽ᠬᠥᠬᠡᠬᠤᠲᠠ ᠶᠢᠨ 2022 ᠣᠨ ᠤ ᠬᠥᠬᠡ ᠣᠭᠲᠠᠷᠭᠤᠢ ᠶᠢ ᠬᠠᠮᠠᠭᠠᠯᠠᠬᠤ ᠲᠡᠶᠢᠨ ᠤ ᠰᠢᠪᠲᠤᠯᠤᠯᠲᠠ ᠶᠢ ᠭᠦᠨᠵᠡᠭᠡᠢ ᠰᠠᠶᠢᠲᠤᠷ ᠬᠢᠬᠦ ᠲᠥᠰᠥᠯ︾ ︽ᠬᠥᠬᠡᠬᠤᠲᠠ ᠶᠢᠨ ᠭᠤᠣᠯᠳᠠᠯᠭ᠎ᠠ ᠲᠠᠢ ᠰᠠᠪᠠ ᠭᠠᠵᠠᠷ ᠤᠨ ᠣᠭᠲᠣᠯᠣᠭᠠᠰᠤ ᠶᠢᠨ ᠤᠰᠤᠨ ᠤ ᠴᠢᠨᠠᠷ ᠢ ᠰᠠᠶᠢᠵᠢᠷᠠᠭᠤᠯᠬᠤ ᠲᠥᠰᠥᠯ︾ ︽ᠬᠥᠬᠡᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾ ᠵᠡᠷᠭᠡ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠣᠯᠠᠨ ᠵᠦᠢᠯ ᠤᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠪᠡ᠃ ᠬᠤᠲᠠ ᠶᠢᠨ ᠴᠡᠭᠴᠡᠯᠡᠨ ᠵᠠᠰᠠᠬᠤ ᠠᠯᠪᠠᠨ ᠭᠡᠷ ᠠᠴᠠ ᠡᠯ᠎ᠡ ᠬᠠᠷᠢᠭᠤᠴᠠᠯᠭᠠᠲᠤ ᠨᠢᠭᠡᠴᠡ ᠳᠤ ᠨᠡᠶᠢᠲᠡ 30 ᠭᠠᠷᠤᠢ ᠬᠤᠪᠢ ᠰᠠᠨᠠᠭᠤᠯᠬᠤ ᠵᠠᠬᠢᠳᠠᠯ᠂ ᠰᠢᠮᠳᠠᠭᠤᠯᠤᠨ ᠰᠢᠢᠳᠪᠦᠷᠢᠯᠡᠬᠦ ᠵᠠᠬᠢᠳᠠᠯ᠂ ᠮᠡᠳᠡᠭᠳᠡᠯ᠂ ᠵᠠᠷᠯᠠᠯ ᠪᠠᠭᠤᠯᠭᠠᠪᠠ᠃      ᠨᠢᠭᠡ ᠵᠢᠯ ᠤᠨ ᠴᠡᠭᠴᠡᠯᠡᠨ ᠵᠠᠰᠠᠯᠲᠠ ᠪᠠᠷ ᠳᠠᠮᠵᠢᠵᠤ ᠣᠳᠣ ᠪᠣᠯᠬᠤ ᠳᠤ᠂ ᠮᠠᠨ ᠤ ᠬᠤᠲᠠ ᠳᠤ ᠬᠤᠯᠪᠣᠭᠳᠠᠭᠰᠠᠨ 26 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ 9 ᠵᠦᠢᠯ ᠢ ᠨᠢᠭᠡᠨᠲᠡ ᠪᠡᠶᠡᠯᠡᠭᠦᠯᠦᠭᠰᠡᠨ ᠪᠠᠶᠢᠨ᠎ᠠ᠃ ᠡᠭᠦᠨ ᠳᠤ 2022 ᠣᠨ ᠤ 7 ᠵᠦᠢᠯ ᠤᠨ ᠡᠭᠦᠷᠭᠡ ᠶᠢ ᠨᠢᠭᠡᠨᠲᠡ ᠪᠦᠬᠦᠨ ᠢ ᠪᠡᠶᠡᠯᠡᠭᠦᠯᠵᠡᠢ︔2023 ᠣᠨ ᠤ 5 ᠵᠦᠢᠯ ᠤᠨ ᠡᠭᠦᠷᠭᠡ ᠠᠴᠠ ᠨᠢᠭᠡᠨᠲᠡ 1 ᠵᠦᠢᠯ ᠢ ᠪᠡᠶᠡᠯᠡᠭᠦᠯᠵᠦ᠂ 4 ᠵᠦᠢᠯ ᠨᠢ ᠴᠠᠭ ᠤᠨ ᠳᠠᠷᠠᠭᠠᠯᠠᠯ ᠤᠨ ᠠᠬᠢᠴᠠ ᠳᠤ ᠬᠦᠷᠴᠡᠢ︔ 2024 ︱ 2025 ᠣᠨ ᠤ 14 ᠵᠦᠢᠯ ᠤᠨ ᠡᠭᠦᠷᠭᠡ ᠠᠴᠠ 1 ᠵᠦᠢᠯ ᠢ ᠤᠷᠢᠳᠴᠢᠯᠠᠨ ᠪᠡᠶᠡᠯᠡᠭᠦᠯᠵᠦ᠂ ᠦᠯᠡᠳᠡᠭᠰᠡᠨ 13 ᠵᠦᠢᠯ ᠤᠨ ᠡᠭᠦᠷᠭᠡ ᠶᠢ ᠴᠥᠮ ᠴᠠᠭ ᠤᠨ ᠳᠠᠷᠠᠭᠠᠯᠠᠯ ᠤᠨ ᠠᠬᠢᠴᠠ ᠳᠤ ᠬᠦᠷᠭᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ