ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠥᠬᠡᠬᠤᠲᠠ ᠳᠤ ᠢᠷᠡᠵᠦ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2023/3/21
ᠵᠧᠩ ᠬᠤᠩ ᠹᠠᠨ ᠣᠷᠣᠯᠴᠠᠵᠠᠢ       ︵ᠰᠤᠷᠪᠤᠯᠵᠢᠯᠠᠭᠴᠢ ᠯᠢᠦᠢ ᠬᠤᠢ ᠱᠧᠩ︶ 3 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠬᠥᠬᠡᠬᠤᠲᠠ ᠳᠤ ᠢᠷᠡᠵᠤ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠹᠦ᠋ ᠯᠧᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠶᠤᠸᠠᠨ ᠶᠦᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠨ᠎ᠡ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠵᠧᠩ ᠬᠤᠩ ᠹᠠᠨ ᠨᠠᠷ ᠤᠷᠢᠳ ᠬᠤᠵᠢᠳ ᠬᠤᠳᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠳᠤ ᠬᠠᠷᠢᠶᠠᠯᠠᠭᠳᠠᠬᠤ ᠬᠥᠬᠡᠬᠤᠲᠠ ᠶᠢᠨ ᠱᠠᠨ ᠰᠢ ᠵᠦᠴᠦᠭᠡ ᠶᠢᠨ ᠬᠦᠷᠢᠶᠡᠯᠡᠩ᠂ ᠬᠤᠶᠠᠷ ᠬᠥᠮᠥᠨ ᠤ ᠡᠯᠭᠦᠭᠡ ᠤᠷᠠᠯᠢᠭ ᠤᠨ ᠰᠤᠳᠤᠯᠭᠠᠨ ᠤ ᠵᠦᠴᠦᠭᠡ ᠶᠢᠨ ᠬᠦᠷᠢᠶᠡᠯᠡᠩ᠂ ᠦᠨᠳᠦᠰᠦᠲᠡᠨ ᠤ ᠳᠠᠭᠤᠤ ᠪᠦᠵᠢᠭ ᠵᠦᠴᠦᠭᠡ ᠶᠢᠨ ᠬᠦᠷᠢᠶᠡᠯᠡᠩ ᠵᠢᠴᠢ ᠥᠪᠥᠷ ᠮᠣᠩᠭᠤᠯ ᠤᠨ ᠮᠧᠩ ᠶᠤᠸᠠᠨ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠯᠢᠶᠠᠩ ᠦᠨᠳᠦᠰᠦᠲᠡᠨ ᠤ ᠠᠷᠠᠯᠵᠢᠶ᠎ᠠ ︵ᠪᠦᠯᠦᠭᠯᠡᠯ︶ ᠶᠢᠨ ᠬᠢᠵᠠᠭᠠᠷᠲᠤ ᠺᠣᠮᠫᠠᠨᠢ᠂ ᠮᠧᠩ ᠯᠢᠶᠠᠩ ᠤᠷᠠᠨ ᠲᠣᠭᠯᠠᠯᠲᠠ ᠶᠢᠨ ᠲᠠᠯᠠᠪᠠᠢ ᠶᠢᠨ ᠲᠦᠷᠦᠯ ᠵᠦᠢᠯ᠂ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠭᠤᠣᠯ ᠰᠡᠳᠦᠪᠲᠦ ᠴᠡᠴᠡᠷᠯᠢᠭ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠬᠦᠷᠦᠭᠰᠡᠨ ᠭᠠᠵᠠᠷ ᠪᠣᠯᠭᠠᠨ ᠳᠤ᠂ ᠵᠧᠩ ᠬᠤᠩ ᠹᠠᠨ ᠴᠥᠮ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠵᠦ᠂ ᠰᠢᠯᠢᠳᠡᠭᠵᠢᠨ ᠨᠠᠷᠢᠯᠢᠭᠵᠢᠵᠤ᠂ ᠣᠷᠣᠨ ᠤ ᠲᠥᠪ ᠤᠨ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠵᠣᠷᠢᠭᠵᠢᠭᠤᠯᠪᠠ᠃       ᠵᠧᠩ ᠬᠤᠩ ᠹᠠᠨ ᠬᠤᠳᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠣᠷᠣᠨ ᠤ ᠲᠥᠪ ᠨᠢ ᠨᠡᠩ ᠥᠷᠭᠡᠨ ᠳᠡᠯᠭᠡᠷ ᠪᠠᠶᠢᠷᠢᠰᠢᠯ ᠪᠣᠯᠣᠨ ᠨᠡᠩ ᠥᠷᠭᠡᠨ ᠬᠠᠷᠠᠭᠠᠰᠤ ᠪᠠᠷ ᠰᠣᠶᠣᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠣᠶᠣᠯ ᠵᠢᠭᠤᠯᠴᠢᠯᠠᠯ ᠤᠨ ᠲᠦᠷᠦᠯ ᠵᠦᠢᠯ ᠪᠣᠯᠣᠨ ᠦᠢᠯᠡᠳᠬᠦᠨ ᠤ ᠲᠡᠰ ᠳᠡᠪᠰᠢᠬᠦ ᠶᠢ ᠪᠡᠶᠡᠯᠡᠭᠦᠯᠬᠦ ᠬᠡᠷᠡᠭᠲᠡᠢ᠃ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠴᠢᠳᠠᠪᠤᠷᠢᠲᠠᠨ ᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠪᠠᠶᠢᠭᠤᠯᠤᠨ᠂ ᠤᠷᠠᠯᠢᠭ ᠤᠨ ᠴᠢᠳᠠᠪᠤᠷᠢᠲᠠᠨ ᠳᠤ ᠰᠠᠶᠢᠨ ᠰᠠᠶᠢᠬᠠᠨ ᠠᠵᠢᠯ ᠤᠨ ᠣᠷᠴᠢᠨ ᠨᠥᠬᠦᠴᠡᠯ ᠢ ᠬᠠᠩᠭᠠᠵᠤ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠠᠶᠢᠭᠤᠯᠵᠤ᠂ ᠰᠣᠶᠣᠯ ᠤᠨ ᠪᠦᠲᠦᠭᠡᠯ ᠢ ᠰᠤᠳᠤᠯᠤᠨ ᠨᠡᠭᠡᠭᠡᠬᠦ ᠡᠷᠴᠢᠮ ᠢ ᠴᠢᠩᠭᠠᠷᠠᠭᠤᠯᠵᠤ᠂ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠬᠡᠷᠡᠭᠲᠡᠢ᠃ ᠲᠣᠰ ᠪᠡᠶ᠎ᠡ ᠶᠢᠨ ᠤᠬᠠᠭᠤᠯᠭ᠎ᠠ ᠵᠢᠴᠢ ᠵᠦᠴᠦᠭᠡ ᠶᠢᠨ ᠪᠦᠲᠦᠭᠡᠯ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠦᠨᠡᠨ ᠬᠦ ᠪᠣᠶ ᠪᠣᠯᠭᠠᠬᠤ ᠬᠡᠷᠡᠭᠲᠡᠢ᠃ ᠲᠣᠭᠯᠠᠯᠲᠠ ᠪᠠᠷ ᠭᠤᠣᠯ ᠪᠣᠯᠭᠠᠵᠤ᠂ ᠡᠬᠢ ᠪᠠᠶᠠᠯᠢᠭ ᠢ ᠨᠡᠶᠢᠳᠬᠡᠬᠦ ᠡᠷᠴᠢᠮ ᠢᠶᠠᠨ ᠴᠢᠩᠭᠠᠷᠠᠭᠤᠯᠵᠤ᠂ ᠲᠢᠶᠠᠲᠷ ᠤᠨ ᠪᠠᠶᠢᠭᠤᠯᠤᠯᠲᠠ ᠶᠢ ᠠᠬᠢᠭᠤᠯᠵᠤ᠂ ᠤᠯᠠᠨ ᠲᠦᠮᠡᠨ ᠤ ᠤᠶᠤᠨ ᠤ ᠰᠣᠶᠣᠯ ᠤᠨ ᠬᠡᠷᠡᠭᠴᠡᠭᠡ ᠶᠢ ᠨᠡᠩ ᠰᠠᠶᠢᠨ ᠬᠠᠩᠭᠠᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ