ᠢᠯᠢ ᠳᠤᠮᠳᠠᠳᠤ ᠤᠯᠤᠰ ᠤᠨ ᠠᠵᠤ ᠦᠢᠯᠡᠳᠪᠦᠷᠢ ᠶᠢᠨ ᠶᠡᠭᠡ ᠱᠠᠩᠨᠠᠯ ᠤᠨ ᠬᠥᠬᠢᠭᠦᠯᠦᠯ ᠤᠨ ᠱᠠᠩᠨᠠᠯ ᠢ ᠬᠦᠷᠲᠡᠪᠡ
ᠨᠡᠶᠢᠲᠡᠯᠡᠭᠰᠡᠨ ᠴᠠᠭ᠄
2023/3/21
      ︵ᠰᠤᠷᠪᠤᠯᠵᠢᠯᠠᠭᠴᠢ ᠶᠦᠨ ᠶᠠᠨ ᠹᠠᠩ︶ 3 ᠳ᠋ᠤᠭᠠᠷ ᠰᠠᠷ᠎ᠠ ᠶᠢᠨ 19 ᠤ ᠡᠳᠦᠷ᠂ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠵᠤ ᠦᠢᠯᠡᠳᠪᠦᠷᠢ ᠶᠢᠨ ᠶᠡᠭᠡ ᠱᠠᠩᠨᠠᠯ ᠢ ᠨᠡᠶᠢᠲᠡᠯᠡᠬᠦ ᠬᠤᠷᠠᠯ ᠪᠡᠭᠡᠵᠢᠩ ᠳᠤ ᠶᠠᠪᠤᠭᠳᠠᠵᠤ᠂ ᠶᠡᠭᠡ ᠬᠤᠷᠠᠯ ᠠᠴᠠ 19 ᠠᠵᠤ ᠠᠬᠤᠶᠢᠯᠠᠯ᠂ 19 ᠲᠦᠷᠦᠯ ᠵᠦᠢᠯ ᠳᠤ ᠳᠤᠮᠳᠠᠳᠤ ᠤᠯᠤᠰ ᠤᠨ ᠠᠵᠤ ᠦᠢᠯᠡᠳᠪᠦᠷᠢ ᠶᠢᠨ ᠶᠡᠭᠡ ᠱᠠᠩᠨᠠᠯ᠂ 26 ᠠᠵᠤ ᠠᠬᠤᠶᠢᠯᠠᠯ᠂ 22 ᠲᠦᠷᠦᠯ ᠵᠦᠢᠯ ᠳᠤ ᠳᠤᠮᠳᠠᠳᠤ ᠤᠯᠤᠰ ᠤᠨ ᠠᠵᠤ ᠦᠢᠯᠡᠳᠪᠦᠷᠢ ᠶᠢᠨ ᠶᠡᠭᠡ ᠱᠠᠩᠨᠠᠯ ᠤᠨ ᠬᠥᠬᠢᠭᠦᠯᠦᠯ ᠤᠨ ᠱᠠᠩᠨᠠᠯ᠂ 17 ᠠᠵᠤ ᠠᠬᠤᠶᠢᠯᠠᠯ᠂ 20 ᠲᠦᠷᠦᠯ ᠵᠦᠢᠯ ᠳᠤ ᠳᠤᠮᠳᠠᠳᠤ ᠤᠯᠤᠰ ᠤᠨ ᠠᠵᠤ ᠦᠢᠯᠡᠳᠪᠦᠷᠢ ᠶᠢᠨ ᠶᠡᠭᠡ ᠱᠠᠩᠨᠠᠯ ᠤᠨ ᠨᠡᠷ᠎ᠡ ᠳᠤᠷᠠᠳᠤᠭᠰᠠᠨ ᠱᠠᠩᠨᠠᠯ ᠣᠯᠭᠤᠪᠠ᠃ ᠢᠯᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ᠂ ᠤᠯᠤᠰ ᠢᠶᠠᠨ ᠬᠦᠴᠦᠷᠬᠡᠭᠵᠢᠭᠦᠯᠬᠦ ᠡᠭᠦᠷᠭᠡ ᠬᠠᠷᠢᠭᠤᠴᠠᠯᠭ᠎ᠠ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠡᠷᠭᠡ ᠲᠠᠯ᠎ᠠ ᠪᠠᠷ ᠬᠥᠲᠥᠯᠥᠨ ᠵᠢᠯᠤᠭᠤᠳᠬᠤ ᠦᠢᠯᠡᠳᠦᠯ ᠦᠵᠡᠭᠦᠯᠵᠦ᠂ ᠰᠢᠪᠲᠤᠯᠤᠯᠲᠠ ᠪᠠ ᠰᠢᠨ᠎ᠡ ᠶᠢ ᠡᠭᠦᠳᠬᠦ ᠦᠷ᠎ᠡ ᠪᠦᠲᠦᠭᠡᠯ ᠣᠯᠵᠤ᠂ ᠠᠯᠢ ᠤᠯᠠᠨ ᠲᠣᠪᠣᠶᠢᠮ᠎ᠠ ᠦᠷ᠎ᠡ ᠪᠦᠲᠦᠮᠵᠢ ᠲᠠᠢ ᠲᠤᠷᠰᠢᠯᠭ᠎ᠠ ᠪᠠ ᠠᠷᠭ᠎ᠠ ᠬᠢᠳᠡᠯ ᠢ ᠪᠦᠷᠢᠯᠳᠦᠭᠦᠯᠵᠦ᠂ ᠳᠤᠮᠳᠠᠳᠤ ᠤᠯᠤᠰ ᠤᠨ ᠠᠵᠤ ᠦᠢᠯᠡᠳᠪᠦᠷᠢ ᠶᠢᠨ ᠶᠡᠭᠡ ᠱᠠᠩᠨᠠᠯ ᠤᠨ ᠬᠥᠬᠢᠭᠦᠯᠦᠯ ᠱᠠᠩᠨᠠᠯ ᠢ ᠬᠦᠷᠲᠡᠵᠡᠢ᠃     ᠣᠶᠢᠯᠠᠭᠠᠭᠰᠠᠨ ᠢᠶᠠᠷ᠂ 2022 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠢᠯᠢ ᠶᠢᠨ ᠪᠥᠬᠦ ᠪᠥᠮᠪᠥᠷᠴᠡᠭ ᠤᠨ ᠲᠤᠰᠬᠠᠢ ᠠᠰᠢᠭ ᠢ ᠭᠤᠶᠤᠴᠢᠯᠠᠭᠰᠠᠨ ᠶᠡᠷᠦᠩᠬᠡᠢ ᠲᠤᠭ᠎ᠠ᠂ ᠡᠭᠦᠳᠦᠯᠲᠡ ᠶᠢ ᠭᠤᠶᠤᠴᠢᠯᠠᠭᠰᠠᠨ ᠶᠡᠷᠦᠩᠬᠡᠢ ᠬᠡᠮᠵᠢᠶ᠎ᠡ ᠨᠢ ᠳᠡᠯᠡᠬᠡᠢ ᠶᠢᠨ ᠰᠦ ᠶᠢᠨ ᠦᠢᠯᠡᠰ ᠤᠨ ᠠᠷᠪᠠᠨ ᠬᠦᠴᠦᠷᠬᠡᠭ ᠤᠨ ᠬᠤᠶᠠᠳᠤᠭᠠᠷ ᠲᠤ ᠣᠷᠣᠵᠤ᠂ ᠰᠦ ᠶᠢᠨ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠰᠢᠨ᠎ᠡ ᠶᠢ ᠡᠭᠦᠳᠬᠦ ᠥᠨᠳᠦᠷᠯᠢᠭ ᠭᠠᠵᠠᠷ ᠪᠣᠯᠵᠤ᠂ ᠤᠷᠢᠳ ᠬᠤᠵᠢᠳ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ ᠤᠨ ᠬᠤᠶᠠᠳᠤᠭᠠᠷ ᠳᠡᠰ ᠤᠨ ᠱᠠᠩᠨᠠᠯ᠂ ᠨᠢᠯᠬ᠎ᠠ ᠬᠡᠦᠬᠡᠳ ᠤᠨ ᠬᠠᠮᠤᠭ ᠤᠨ ᠰᠠᠶᠢᠨ ᠰᠢᠮ᠎ᠡ ᠲᠡᠵᠢᠭᠡᠯ ᠤᠨ ᠰᠦ ᠶᠢᠨ ᠪᠦᠲᠦᠭᠡᠭᠳᠡᠬᠦᠨ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨ᠎ᠡ ᠶᠢ ᠡᠭᠦᠳᠬᠦ ᠶᠡᠭᠡ ᠱᠠᠩᠨᠠᠯ ᠢ ᠭᠥᠷᠳᠡᠭᠰᠡᠨ ᠪᠠᠶᠢᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ