ᠴᠢᠩ ᠱᠦᠢ ᠾᠧ ᠰᠢᠶᠠᠨ︽ᠣᠶᠤᠨᠲᠤ ᠬᠤᠳᠠ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/22
      3 ᠳ᠋ᠤᠭᠠᠷ ᠰᠠᠷ᠎ᠠ ᠶᠢᠨ 21 ᠤ ᠡᠳᠦᠷ᠂ ᠴᠢᠩ ᠱᠦᠢ ᠾᠧ ᠰᠢᠶᠠᠨ ︽ᠣᠶᠤᠨᠲᠤ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠧᠨ ᠬᠤᠷᠴᠠ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᡁᠢ ᠺᠦᠢ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢᠦ ᠵᠢᠶᠠᠨ ᠴᠢᠶᠠᠩ ᠬᠤᠷᠠᠯ ᠳᠤ ᠣᠷᠣᠯᠴᠠᠪᠠ᠃
清水河县召开“智慧城市”建设工作推进会.jpg
      ᠬᠤᠷᠠᠯ ᠳᠡᠭᠡᠷ᠎ᠡ᠂ ᠥᠪᠥᠷ ᠮᠣᠩᠭᠤᠯ ᠤᠨ ᠨᠢᠭᠡᠳᠦᠮᠡᠯ ᠬᠤᠯᠪᠣᠭ᠎ᠠ ᠶᠢᠨ ᠺᠣᠮᠫᠠᠨᠢ ᠶᠢᠨ ᠮᠡᠷᠭᠡᠵᠢᠯ ᠤᠨ ᠠᠵᠢᠯᠲᠠᠳ ᠣᠶᠤᠨᠲᠤ ᠠᠬᠤᠢ ᠲᠠᠯᠠᠪᠠᠶ ᠶᠢᠨ ᠬᠡᠷᠡᠭᠯᠡᠯᠲᠡ ᠶᠢᠨ ᠲᠤᠬᠠᠢ ᠲᠤᠰᠬᠠᠢ ᠰᠡᠳᠦᠪᠲᠦ ᠲᠠᠶᠢᠯᠤᠮᠵᠢ ᠬᠢᠵᠡᠢ᠃ᠬᠤᠰᠢᠭᠤ ᠰᠢᠶᠠᠨ ᠲᠣᠭᠤᠷᠢᠭ ᠤᠨ ᠣᠶᠤᠨᠲᠤ ᠬᠤᠲᠠ ᠶᠢᠨ ᠬᠡᠷᠡᠭᠯᠡᠭᠡᠨ ᠤ ᠠᠬᠤᠢ ᠪᠠᠶᠢᠳᠠᠯ ᠤᠨ ᠪᠦᠲᠦᠭᠡᠨ ᠪᠠᠶᠢᠭᠤᠯᠤᠯᠲᠠ ᠶᠢᠨ ᠠᠬᠤᠢ ᠪᠠᠶᠢᠳᠠᠯ᠂ ᠶᠡᠷᠦᠩᠬᠡᠢ ᠪᠦᠲᠦᠴᠡ᠂ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠵᠡᠷᠭᠡ ᠠᠭᠤᠯᠭ᠎ᠠ ᠶᠢ ᠨᠠᠷᠢᠨ ᠲᠠᠨᠢᠯᠴᠠᠭᠤᠯᠪᠠ᠃ᠬᠤᠷᠠᠯ ᠳᠤ ᠣᠷᠣᠯᠴᠠᠭᠰᠠᠳ ᠣᠶᠤᠨᠲᠤ ᠬᠤᠳᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠤᠨ ᠲᠣᠭᠤᠷᠢᠨ ᠳᠤ ᠭᠦᠨᠵᠡᠭᠡᠢ ᠰᠠᠨᠠᠯ ᠢᠶᠠᠨ ᠰᠣᠯᠢᠯᠴᠠᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠪᠣᠯ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠦᠲᠦᠮᠵᠢᠲᠡᠢ ᠠᠷᠭ᠎ᠠ ᠵᠠᠮ ᠪᠣᠯᠣᠨ᠎ᠠ᠂ ᠵᠠᠰᠠᠭ ᠤᠨ ᠣᠷᠳᠣᠨ ᠤ ᠵᠠᠰᠠᠯᠲᠠ ᠶᠢᠨ ᠮᠡᠳᠡᠭᠡ ᠵᠠᠩᠭᠢᠵᠢᠯᠲᠠ᠂ ᠲᠣᠭᠠᠴᠢᠯᠠᠯᠲᠠ᠂ ᠣᠶᠤᠨᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠳᠤ ᠲᠤᠶᠢᠯ ᠤᠨ ᠴᠢᠬᠤᠯᠠ ᠪᠠᠶᠢᠵᠤ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠴᠢᠬᠤᠯᠠ ᠠᠷᠭ᠎ᠠ ᠪᠠᠷᠢᠯ ᠪᠣᠯᠣᠨ᠎ᠠ᠃ᠡᠯ᠎ᠡ ᠬᠠᠮᠢᠶ᠎ᠠ ᠪᠦᠬᠦᠢ ᠨᠢᠭᠡᠴᠡ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠶᠡᠴᠢ ᠴᠢᠳᠠᠮᠠᠭᠠᠢ ᠴᠢᠨᠠᠷ ᠢᠶᠠᠨ ᠭᠦᠢᠴᠡᠳ ᠪᠠᠳᠠᠷᠠᠭᠤᠯᠵᠤ᠂ ᠦᠵᠡᠯ ᠰᠠᠨᠠᠭ᠎ᠠ ᠪᠠᠨ ᠴᠢᠯᠦᠭᠡᠯᠡᠨ᠂ ᠰᠡᠳᠬᠢᠬᠦᠢ ᠪᠠᠨ ᠥᠷᠭᠡᠳᠬᠡᠵᠦ᠂ ᠣᠶᠤᠨᠲᠤ ᠬᠤᠲᠠ ᠶᠢᠨ ᠲᠥᠷᠥᠯ ᠵᠦᠢᠯ ᠤᠨ ᠡᠯ᠎ᠡ ᠬᠦᠷᠢᠶ᠎ᠡ ᠴᠠᠷᠠᠭ᠎ᠠ ᠳᠠᠬᠢ ᠬᠡᠷᠡᠭᠯᠡᠯᠲᠡ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠴᠢᠭᠯᠡᠯ ᠢ ᠣᠨᠣᠪᠴᠢᠲᠠᠶ ᠡᠵᠡᠮᠳᠡᠨ᠂ ᠭᠠᠳᠠᠨᠠᠬᠢ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠣᠳᠠᠲᠠᠢ ᠲᠠᠢ ᠪᠠᠨ ᠤᠶᠠᠯᠳᠤᠭᠤᠯᠤᠨ᠂ ᠣᠯᠠᠨ ᠨᠡᠶᠢᠲᠡ ᠶᠢᠨ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠲᠠᠯ᠎ᠠ ᠶᠢᠨ ᠣᠶᠤᠨ ᠤ ᠴᠢᠳᠠᠮᠵᠢ ᠬᠢᠭᠡᠳ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃      ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ