ᠬᠥᠬᠡᠬᠤᠲᠠ ᠳᠤ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠲᠤᠰᠬᠠᠢ ᠰᠡᠳᠦᠪᠲᠦ ᠲᠠᠶᠢᠯᠤᠮᠵᠢ ᠶᠠᠪᠤᠬᠳᠠᠵᠠᠢ
ᠨᠡᠶᠢᠲᠡᠯᠡᠭᠰᠡᠨ ᠴᠠᠭ᠄
2023/3/22
      ︵ᠰᠤᠷᠪᠤᠯᠵᠢᠯᠠᠬᠴᠢ ᠰᠦᠨ ᠯᠢ ᠶᠢᠩ︶ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠥᠬᠦ ᠲᠠᠯ᠎ᠠ ᠪᠠᠷ ᠲᠤᠭᠤᠱᠢᠯᠠᠭᠤᠯᠤᠨ ᠨᠠᠶᠢᠳᠠᠪᠤᠷᠢᠵᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠬᠦ ᠶᠢᠨ ᠲᠥᠯᠥᠭᠡ᠂ ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠠᠯᠪᠠᠨ ᠭᠡᠷ ᠠᠴᠠ ᠭᠤᠣᠯᠯᠠᠨ ᠡᠷᠬᠢᠯᠡᠵᠦ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠠᠯᠪᠠᠨ ᠬᠡᠷ ᠠᠴᠠ ᠳᠠᠭᠠᠭᠠᠴᠢᠯᠠᠨ ᠡᠷᠬᠢᠯᠡᠭᠰᠡᠨ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠲᠠᠶᠢᠯᠤᠮᠵᠢ ᠶᠢ ᠴᠡᠷᠢᠭ ᠠᠩᠭᠢ ᠳᠤ ᠤᠷᠤᠭᠤᠯᠬᠤ ᠲᠤᠰᠬᠠᠢ ᠰᠡᠳᠦᠪᠲᠦ ᠪᠣᠯᠪᠠᠰᠤᠷᠠᠯ ᠬᠦᠬᠡᠬᠤᠲᠠ ᠳᠤ ᠰᠠᠭᠤᠭ᠎ᠠ ᠨᠢᠭᠡᠨ ᠴᠡᠷᠢᠭ ᠠᠩᠭᠢ ᠳᠤ ᠶᠠᠪᠤᠬᠳᠠᠪᠠ᠃      ᠲᠣᠰ ᠤᠳᠠᠭᠠᠨ ᠤ ᠲᠠᠶᠢᠯᠤᠮᠵᠢ ᠳᠤ ᠥᠪᠡᠷᠲᠡᠭᠡᠨ ᠵᠠᠰᠠᠬᠤ ᠣᠷᠣᠨ ᠤ ᠤᠯᠤᠰ ᠤᠨ ᠶᠡᠷᠦᠩᠬᠡᠶ ᠠᠮᠤᠷ ᠲᠦᠪᠰᠢᠨ ᠤ ᠲᠣᠭᠤᠷᠢᠨ ᠦᠵᠡᠬᠦ ᠲᠣᠭᠤᠷᠢᠨ ᠲᠠᠶᠢᠯᠪᠤᠷᠢᠯᠠᠬᠤ ᠪᠦᠯᠬᠦᠮ ᠤᠨ ᠣᠨᠴᠠ ᠤᠷᠢᠭᠰᠠᠨ ᠲᠤᠰᠬᠠᠢ ᠮᠡᠷᠭᠡᠵᠢᠯᠲᠡᠨ ᠢ ᠤᠷᠢᠵᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠯᠭᠡᠵᠠᠢ᠃ ᠲᠠᠶᠢᠯᠤᠮᠵᠢ ᠨᠢ ᠭᠦᠨᠵᠡᠭᠡᠶ ᠪᠥᠭᠡᠳ ᠣᠶᠢᠯᠠᠭᠠᠮᠵᠢᠲᠠᠢ᠂ ᠭᠤᠤᠯ ᠰᠡᠳᠦᠪ ᠨᠢ ᠲᠣᠳᠣᠷᠬᠠᠶ᠂ ᠬᠡᠷᠡᠭ ᠤᠨ ᠵᠢᠱᠢᠶ᠎ᠡ ᠨᠢ ᠠᠮᠢᠳᠤᠯᠢᠭ ᠪᠠᠶᠢᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠤᠨ ᠴᠢᠬᠤᠯᠠ ᠴᠢᠨᠠᠷ ᠢ ᠭᠦᠢᠴᠡᠳ ᠲᠣᠳᠣᠷᠬᠠᠶᠢᠯᠠᠨ ᠥᠭᠦᠯᠡᠵᠦ᠂ ᠪᠤᠯᠪᠠᠰᠤᠷᠠᠯ ᠳᠤ ᠤᠷᠤᠯᠴᠠᠬᠰᠠᠳ ᠤᠨ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠭᠦᠨᠵᠡᠭᠡᠶ ᠠᠭᠤᠯᠤᠭᠳᠠᠬᠤᠨ ᠢ ᠵᠥᠪ ᠢᠶᠠᠷ ᠣᠶᠢᠯᠠᠭᠠᠬᠤ ᠪᠠ ᠪᠥᠬᠦ ᠲᠠᠯ᠎ᠠ ᠪᠠᠷ ᠡᠵᠡᠮᠰᠢᠬᠦ᠂ ᠬᠤᠷᠢᠭ᠎ᠠ ᠱᠤᠭᠤᠮ ᠤᠨ ᠰᠡᠳᠭᠢᠬᠦᠶ ᠶᠢ ᠪᠣᠶ ᠪᠣᠯᠭᠠᠬᠤ ᠲᠤ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠪᠤᠯᠪᠠᠰᠤᠷᠠᠯ ᠳᠤ ᠣᠷᠣᠯᠴᠠᠭᠰᠠᠳ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠩᠭᠠᠳᠬᠠᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠯᠤᠰ ᠤᠨ ᠠᠮᠤᠷ ᠲᠦᠪᠰᠢᠨ ᠤ ᠭᠤᠣᠯᠳᠠᠯᠭ᠎ᠠ ᠲᠠᠢ ᠡᠭᠦᠷᠭᠡ ᠶᠢᠨ ᠪᠣᠳᠠᠲᠠᠶ ᠳᠤ ᠨᠠᠶᠢᠳᠠᠪᠤᠷᠢᠵᠢᠭᠤᠯᠬᠤ ᠶᠢ  ᠨᠠᠩ ᠰᠠᠶᠢᠲᠤᠷ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ ᠭᠡᠵᠦ ᠢᠯᠡᠳᠬᠡᠵᠡᠭᠡᠪᠡ᠃      ᠲᠠᠶᠢᠯᠤᠮᠵᠢ ᠨᠢ ᠸᠢᠳᠢᠣ᠋ ᠬᠡᠯᠪᠡᠷᠢ ᠪᠠᠷ ᠶᠠᠪᠤᠭᠳᠠᠵᠤ᠂ ᠬᠥᠬᠡᠬᠤᠲᠠ ᠳᠤ ᠰᠠᠭᠤᠭ᠎ᠠ ᠡᠯ᠎ᠡ ᠴᠡᠷᠢᠭ ᠠᠩᠭᠢ ᠳᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ ᠂ ᠬᠦᠬᠡᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠠᠵᠢᠯ ᠤᠨ ᠠᠯᠪᠠᠨ ᠭᠡᠷ᠂ ᠬᠥᠬᠡᠬᠤᠲᠠ ᠳᠤ ᠰᠠᠭᠤᠭ᠎ᠠ ᠴᠡᠷᠢᠭ ᠠᠩᠭᠢ ᠶᠢᠨ 1000 ᠭᠠᠷᠤᠶ ᠬᠥᠮᠥᠨ ᠣᠷᠣᠯᠴᠠᠵᠠᠢ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ