︵ᠰᠤᠷᠪᠤᠯᠵᠢᠯᠠᠭᠴᠢ ᠯᠢᠦ ᠯᠢ ᠰᠢᠶᠠ︶ 3 ᠳ᠋ᠤᠭᠠᠷ ᠰᠠᠷ᠎ᠠ ᠶᠢᠨ 21 ᠤ ᠡᠳᠦᠷ᠂ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠠᠴᠠ ᠭᠤᠣᠯᠯᠠᠨ ᠡᠷᠬᠢᠯᠡᠭᠰᠡᠨ ᠥᠩᠭᠡᠲᠦ ᠰᠣᠯᠣᠩᠭ᠎ᠠ ᠲᠠᠷᠢᠶᠠᠯᠠᠩ ᠤᠨ ᠲᠠᠯᠠᠪᠠᠢ ᠳᠤ ᠵᠣᠯᠭᠠᠬᠤ ︱ ᠬᠥᠬᠡᠬᠤᠲᠠ ᠶᠢᠨ ᠠᠩᠬᠠᠳᠠᠭᠴᠢ ᠡᠭᠡᠯᠵᠢ ᠶᠢᠨ | ᠰᠣᠶᠣᠯ ᠵᠢᠭᠤᠯᠴᠢᠯᠠᠯ ᠤᠨ ᠰᠢᠭᠤᠳ ᠨᠡᠪᠲᠡᠷᠡᠬᠦ ᠲᠡᠷᠭᠡ ᠶᠢᠨ ᠠᠶᠠᠨ ᠡᠬᠢᠯᠡᠬᠦ ᠶᠣᠰᠣᠯᠠᠯ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠶᠠᠪᠤᠭᠳᠠᠪᠠ᠃ | 5 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ᠂ ᠬᠤᠲᠠ ᠶᠢᠨ ᠠᠷᠠᠳ ᠰᠦᠢᠳᠬᠡᠯ ᠲᠥᠯᠥᠬᠦ ᠦᠭᠡᠢ ᠪᠠᠷ ᠰᠣᠶᠣᠯ ᠵᠢᠭᠤᠯᠴᠢᠯᠠᠯ ᠤᠨ ᠰᠢᠭᠤᠳ ᠨᠡᠪᠲᠡᠷᠡᠬᠦ | ᠲᠡᠷᠭᠡᠨ ᠳᠤ ᠰᠠᠭᠤᠵᠤ ᠬᠤᠲᠠ ᠶᠢᠨ ᠲᠣᠭᠤᠷᠢᠭ ᠪᠣᠯᠣᠨ ᠲᠦᠮᠡᠳ ᠵᠡᠭᠦᠨ ᠬᠤᠰᠢᠭᠤᠨ ᠤ ᠭᠦᠷᠳᠡᠮᠪᠠ ᠶᠢᠨ ᠥᠩᠭᠡᠲᠦ ᠰᠣᠯᠣᠩᠭ᠎ᠠ ᠲᠠᠷᠢᠶᠠᠯᠠᠩ ᠤᠨ | ᠲᠠᠯᠠᠪᠠᠶ ᠳᠤ ᠬᠦᠷᠴᠦ ᠢᠷᠡᠵᠦ ᠪᠣᠯᠣᠨ᠎ᠠ᠃ | ︽ᠲᠠᠪᠤᠳᠤᠭᠠᠷ ᠰᠠᠷ᠎ᠠ ᠶᠢᠨ ᠨᠢᠭᠡᠨ ᠠᠴᠠ ᠡᠮᠦᠨ᠎ᠡ᠂ ᠭᠠᠷᠠᠭ ᠪᠦᠷᠢ ᠶᠢᠨ ᠨᠢᠭᠡᠨ ᠪᠤᠶᠤ ᠭᠠᠷᠠᠭ ᠤᠨ ᠲᠠᠪᠤᠨ ᠤ 9 ᠴᠠᠭ ᠲᠤ ᠰᠢᠭᠤᠳ ᠨᠡᠪᠲᠡᠷᠡᠬᠦ | ᠲᠡᠷᠭᠡ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠠᠴᠠ ᠴᠠᠭ ᠲᠠᠭᠠᠨ ᠬᠥᠳᠡᠯᠦᠨ᠎ᠡ᠃ ᠲᠠᠪᠤᠳᠤᠭᠠᠷ ᠰᠠᠷ᠎ᠠ ᠶᠢᠨ ᠨᠢᠭᠡᠨ ᠠᠴᠠ ᠰᠡᠭᠦᠯᠡᠷ ᠡᠳᠦᠷ ᠪᠦᠷᠢ | ᠲᠡᠷᠭᠡ ᠲᠠᠢ᠂ ᠲᠤᠬᠠᠢ ᠶᠢᠨ ᠴᠠᠭ ᠲᠤ ᠣᠨᠴᠠ ᠬᠠᠷᠠᠭᠠᠯᠵᠠᠯ ᠦᠵᠡᠭᠦᠯᠬᠦ ᠳᠦᠷᠢᠮ ᠢ ᠬᠡᠷᠡᠭᠵᠢᠭᠦᠯᠵᠦ᠂ ᠢᠳᠡᠷ ᠨᠠᠰᠤ ᠥᠲᠡᠯᠦᠭᠡ ᠨᠠᠰᠤᠨ ᠤ ᠬᠥᠮᠥᠰ | ᠰᠦᠢᠳᠬᠡᠯ ᠲᠥᠯᠥᠬᠦ ᠦᠭᠡᠢ ᠪᠠᠷ ᠦᠷᠭᠦᠯᠵᠢᠯᠡᠨ ᠰᠠᠭᠤᠵᠤ ᠪᠣᠯᠣᠨ᠎ᠠ︾ ᠭᠡᠵᠦ ᠭᠦᠷᠳᠡᠮᠪᠠ ᠶᠢᠨ ᠥᠩᠭᠡᠲᠦ ᠰᠣᠯᠣᠩᠭ᠎ᠠ ᠲᠠᠷᠢᠶᠠᠯᠠᠩ ᠤᠨ ᠲᠠᠯᠠᠪᠠᠶ ᠶᠢᠨ | ᠬᠠᠷᠢᠭᠤᠴᠠᠯᠭᠠᠲᠠᠨ ᠯᠢ ᠫᠧᠩ ᠲᠠᠨᠢᠯᠴᠠᠭᠤᠯᠪᠠ᠃ | ᠭᠦᠷᠳᠡᠮᠪᠠ ᠶᠢᠨ ᠥᠩᠭᠡᠲᠦ ᠰᠣᠯᠣᠩᠭ᠎ᠠ ᠲᠠᠷᠢᠶᠠᠯᠠᠩ ᠤᠨ ᠲᠠᠯᠠᠪᠠᠢ ᠨᠢ ᠲᠦᠮᠡᠳ ᠵᠡᠭᠦᠨ ᠬᠤᠰᠢᠭᠤᠨ ᠤ ᠴᠠᠭᠠᠨ ᠰᠦᠮ᠎ᠡ ᠪᠠᠯᠭᠠᠰᠤᠨ ᠳᠤ ᠪᠠᠶᠢᠷᠢᠯᠠᠵᠤ᠂ | ᠬᠤᠳᠠ ᠶᠢᠨ ᠲᠣᠭᠤᠷᠢᠭ ᠠᠴᠠ ᠪᠠᠷᠤᠭ 25 ᠺᠢᠯᠤᠮᠥᠲᠷ ᠵᠠᠶᠢᠲᠠᠢ᠂ ᠥᠪᠡᠷ ᠤᠨ ᠮᠠᠰᠢᠨ ᠢᠶᠠᠷ 45 ᠮᠢᠨᠦ᠋ᠲ ᠠᠶᠠᠯᠠᠨ᠎ᠠ᠃ ᠲᠠᠷᠢᠶᠠᠯᠠᠩ ᠤᠨ ᠲᠠᠯᠠᠪᠠᠢ ᠨᠢ | ᠨᠠᠢᠮᠠᠯᠵᠢ ᠶᠢ ᠲᠤᠲᠤᠷᠭ᠎ᠠ ᠲᠠᠢ ᠬᠠᠮᠲᠤ ᠲᠡᠵᠢᠭᠡᠬᠦ ᠠᠮᠢ ᠠᠬᠤᠢ ᠶᠢᠨ ᠲᠡᠵᠢᠭᠡᠨ ᠦᠷᠡᠵᠢᠭᠦᠯᠬᠦ ᠵᠢᠴᠢ ᠲᠠᠷᠢᠶᠠᠯᠠᠩ ᠤᠨ ᠲᠠᠯᠠᠪᠠᠢ ᠶᠢᠨ ᠣᠨᠴᠠᠯᠢᠭᠲᠤ | ᠣᠶᠢᠯᠠᠭᠠᠯᠲᠠ ᠳᠤ ᠲᠦᠰᠢᠭᠯᠡᠨ᠂ ︽ᠵᠢᠭᠠᠨ ᠰᠤᠷᠭᠠᠬᠤ ᠪᠠ ᠵᠢᠭᠤᠯᠴᠢᠯᠠᠬᠤ ᠶᠢ ᠠᠭᠤᠰᠤᠯᠴᠠᠭᠤᠯᠬᠤ︾ ᠠᠷᠭ᠎ᠠ ᠮᠠᠶ᠋ᠢᠭ ᠢ ᠬᠡᠷᠡᠭᠯᠡᠨ᠂ ᠣᠨᠴᠠᠯᠢᠭᠲᠤ | ᠰᠣᠶᠣᠯ ᠤᠨ ᠲᠣᠰᠬᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ᠂ ᠬᠤᠸᠠᠷᠠᠨ ᠤ ᠰᠣᠶᠣᠯ ᠵᠡᠷᠭᠡ ᠣᠨᠴᠠᠯᠢᠭᠲᠤ ᠰᠣᠶᠣᠯ ᠵᠢᠭᠤᠯᠴᠢᠯᠠᠯ ᠤᠨ ᠲᠥᠷᠥᠯ | ᠵᠦᠢᠯ ᠢ ᠪᠦᠲᠦᠭᠡᠵᠦ᠂ ᠲᠣᠭᠤᠷᠢᠨ ᠵᠤᠭᠠᠴᠠᠬᠤ᠂ ᠡᠷᠡᠭᠦᠯᠵᠢᠯ ᠰᠤᠪᠢᠯᠠᠯᠲᠠ ᠠᠮᠠᠷᠠᠯᠲᠠ᠂ ᠰᠣᠶᠣᠯ ᠤᠨ ᠣᠶᠢᠯᠠᠭᠠᠯᠲᠠ᠂ ᠡᠴᠢᠭᠡ ᠡᠬᠡ ᠦᠷ᠎ᠡ ᠬᠡᠦᠬᠡᠳ ᠤᠨ | ᠰᠤᠳᠤᠯᠤᠨ ᠰᠤᠷᠤᠯᠴᠠᠬᠤ᠂ ᠪᠦᠯᠬᠦᠮ ᠤᠨ ᠪᠠᠶᠢᠭᠤᠯᠤᠯᠲᠠ ᠶᠢᠨ ᠥᠷᠭᠡᠳᠬᠡᠬᠦ ᠪᠣᠯᠪᠠᠰᠤᠷᠠᠭᠤᠯᠤᠯ᠂ ᠰᠡᠯᠡᠭᠦᠴᠡᠨ ᠲᠡᠭᠦᠬᠦ ᠪᠠ ᠲᠠᠷᠢᠶᠠᠨ ᠭᠠᠵᠠᠷ ᠢ ᠬᠠᠮᠲᠤᠪᠠᠷ | ᠡᠳ᠋ᠯᠡᠬᠦ ᠵᠡᠷᠭᠡ ᠦᠢᠯᠡᠴᠢᠯᠡᠭᠡᠨ ᠤ ᠴᠢᠳᠠᠮᠵᠢ ᠶᠢ ᠪᠦᠷᠢᠯᠳᠦᠭᠦᠯᠵᠡᠢ᠃ | |