ᠭᠦᠢᠴᠡᠳᠬᠡᠯ ᠲᠣᠭᠠᠨ ᠤ ᠠᠵᠢᠯᠯᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠩᠬᠠᠨ ᠤ ᠤᠯᠠᠷᠢᠯ ᠤᠨ ︽ᠰᠠᠶᠢᠨ ᠡᠬᠢᠯᠡᠯᠲᠡ︾ ᠲᠠᠢ ᠪᠠᠶᠢᠬᠤ ᠶᠢ ᠪᠡᠶᠡᠯᠡᠭᠦᠯᠬᠦ ᠪᠠᠷ ᠳᠠᠬᠢᠨᠲᠠ ᠬᠦᠴᠦᠯᠡᠨ ᠴᠢᠷᠮᠠᠶᠢᠨ᠎ᠠ
ᠨᠡᠶᠢᠲᠡᠯᠡᠭᠰᠡᠨ ᠴᠠᠭ᠄
2023/3/24
      3 ᠳ᠋ᠤᠭᠠᠷ ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠴᠢᠩ ᠱᠦᠢ ᠾᠧ ᠰᠢᠶᠠᠨ ᠤ ᠠᠵᠤ ᠠᠬᠤᠢ ᠶᠢᠨ ᠠᠵᠢᠯᠯᠠᠭᠠᠨ ᠢ ᠵᠠᠳᠠᠯᠤᠨ ᠲᠣᠬᠢᠷᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠳᠠ ᠶᠢᠨ 1︱ 2 ᠳ᠋ᠤᠭᠠᠷ ᠰᠠᠷ᠎ᠠ ᠶᠢᠨ ᠰᠠᠷ᠎ᠠ ᠶᠢᠨ ᠦᠨᠡᠯᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠨᠠᠷᠢᠨ ᠬᠢᠨᠠᠮᠠᠭᠠᠢ ᠵᠠᠳᠠᠯᠤᠨ ᠰᠤᠳᠤᠯᠵᠤ ᠮᠠᠭᠠᠳᠯᠠᠵᠤ᠂ ᠨᠢᠭᠡᠳᠦᠭᠡᠷ ᠤᠯᠠᠷᠢᠯ ᠤᠨ ︽ᠡᠭᠦᠳᠡ ᠪᠠᠨ ᠨᠡᠭᠡᠭᠡᠵᠦ ᠯᠠᠪᠳᠠᠭᠤᠨ ᠢᠶᠠᠷ ᠡᠬᠢᠯᠡᠵᠦ᠂ ᠰᠠᠶᠢᠨ ᠡᠬᠢᠯᠡᠯᠲᠡ︾ ᠶᠢ ᠣᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠪᠦᠬᠦ ᠵᠢᠯ ᠤᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠵᠦ ᠬᠥᠭᠵᠢᠯᠲᠡ ᠶᠢ ᠠᠬᠢᠭᠤᠯᠬᠤ ᠳᠤ ᠰᠠᠶᠢᠨ ᠰᠠᠭᠤᠷᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃
聚焦指标运行再发力 奋力实现首季“开门红”.jpg
      ᠬᠤᠷᠠᠯ ᠠᠴᠠ ᠬᠤᠲᠠ ᠶᠢᠨ ᠳᠡᠳ᠋ ᠳᠠᠷᠤᠭ᠎ᠠ ᠯᠢ ᠰᠢᠶᠣᠣ ᠶᠠᠨ ᠤ ᠪᠦᠬᠦ ᠬᠤᠲᠠ ᠶᠢᠨ 1︱ 2 ᠳ᠋ᠤᠭᠠᠷ ᠰᠠᠷ᠎ᠠ ᠶᠢᠨ ᠰᠠᠷ᠎ᠠ ᠶᠢᠨ ᠦᠨᠡᠯᠡᠯᠲᠡ ᠶᠢᠨ ᠬᠤᠷᠠᠯ ᠳᠡᠭᠡᠷ᠎ᠡ ᠬᠡᠯᠡᠭᠰᠡᠨ ᠦᠭᠡ ᠵᠢᠴᠢ 1︱ 2 ᠳ᠋ᠤᠭᠠᠷ ᠰᠠᠷ᠎ᠠ ᠶᠢᠨ ᠪᠦᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ᠂ ᠭᠤᠣᠯᠳᠠᠯᠭ᠎ᠠ  ᠲᠠᠢ ᠲᠥᠷᠥᠯ ᠵᠦᠢᠯ᠂ ᠬᠦᠷᠢᠶᠡᠯᠡᠩ ᠲᠣᠭᠤᠷᠢᠭ ᠤᠨ ᠬᠥᠭᠵᠢᠯᠲᠡ ᠵᠢᠴᠢ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠪᠠᠶᠢᠳᠠᠯ ᠢ ᠮᠡᠳᠡᠭᠳᠡᠭᠰᠡᠨ ᠪᠠᠶᠢᠳᠠᠯ ᠢ ᠤᠯᠠᠮᠵᠢᠯᠠᠪᠠ᠃ ᠬᠤᠯᠪᠣᠭᠳᠠᠯ ᠪᠦᠬᠦᠢ ᠭᠦᠢᠴᠡᠳᠬᠡᠯ ᠲᠤᠭ᠎ᠠ ᠳᠤ ᠲᠠᠶᠢᠯᠤᠮᠵᠢ ᠬᠢᠬᠦ ᠪᠠ ᠰᠤᠳᠤᠯᠤᠨ ᠮᠠᠭᠠᠳᠯᠠᠵᠤ ᠲᠣᠬᠢᠷᠠᠭᠤᠯᠤᠯᠲᠠ ᠬᠢᠵᠦ᠂ ᠠᠰᠠᠭᠤᠳᠠᠯ ᠤᠨ ᠵᠠᠩᠭᠢᠯᠠᠭ᠎ᠠ ᠶᠢ ᠨᠢᠭᠡᠳ ᠨᠢᠭᠡ ᠪᠠᠷ ᠵᠠᠳᠠᠯᠤᠨ ᠡᠮᠬᠢᠯᠡᠵᠦ᠂ ᠰᠢᠢᠳᠪᠦᠷᠢᠯᠡᠬᠦ ᠲᠥᠰᠥᠯ ᠪᠠ ᠠᠷᠭ᠎ᠠ ᠬᠡᠮᠵᠢᠶ᠎ᠡ ᠶᠢ ᠰᠤᠳᠤᠯᠵᠤ᠂ ᠮᠠᠨ ᠤ ᠰᠢᠶᠠᠨ ᠤ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠤ ᠪᠣᠳᠠᠲᠠᠢ ᠱᠠᠭᠠᠷᠳᠠᠯᠭ᠎ᠠ ᠳᠤᠷᠠᠳᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠭᠦᠢᠴᠡᠳᠬᠡᠯ ᠲᠤᠭ᠎ᠠ᠂ ᠭᠤᠣᠯᠳᠠᠯᠭ᠎ᠠ ᠲᠠᠢ ᠠᠵᠤ ᠦᠢᠯᠡᠰ᠂ ᠴᠢᠬᠤᠯᠠ ᠶᠡᠭᠡ ᠲᠦᠷᠦᠯ ᠵᠦᠢᠯ ᠢ ᠴᠢᠩᠭ᠎ᠠ ᠠᠩᠬᠠᠷᠴᠤ᠂ ᠬᠥᠳᠡᠭᠡ ᠠᠵᠤ ᠠᠬᠤᠢ ᠵᠢᠴᠢ ᠣᠳᠣᠬᠢᠴᠢᠯᠠᠭᠰᠠᠨ ᠠᠵᠤ ᠦᠢᠯᠡᠳᠪᠦᠷᠢ ᠵᠡᠷᠭᠡ ᠶᠢᠨ ᠠᠵᠤ ᠠᠬᠤᠢ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠵᠤ᠂ ᠠᠷᠠᠯᠵᠢᠶᠠᠴᠢᠨ ᠤᠷᠢᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠦᠢᠯᠡᠳᠪᠦᠷᠢ ᠶᠢ ᠲᠣᠭᠲᠠᠪᠤᠷᠢᠵᠢᠭᠤᠯᠵᠤ᠂ ᠠᠵᠤ ᠠᠬᠤᠢ ᠶᠢᠨ ᠲᠠᠬᠢᠨ ᠳᠡᠭᠡᠭᠰᠢᠯᠡᠬᠦ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ᠡᠳ᠋ ᠤᠨ ᠵᠠᠰᠠᠭ ᠭᠠᠶᠢᠯᠢ ᠶᠢᠨ ᠠᠵᠢᠯᠯᠠᠭᠠᠨ ᠢ ᠬᠦᠴᠦᠯᠡᠨ ᠰᠠᠶᠢᠲᠤᠷ ᠠᠳᠬᠤᠵᠤ᠂ ᠳᠠᠯᠳᠠ ᠬᠦᠴᠦᠨ ᠪᠠ ᠨᠡᠮᠡᠭᠳᠡᠯ ᠤᠨ ᠴᠡᠭ ᠢ ᠭᠦᠨᠵᠡᠭᠡᠢ ᠠᠭᠤᠳᠠᠯᠵᠤ᠂ ᠪᠦᠬᠦ ᠰᠢᠶᠠᠨ ᠤ ᠠᠵᠤ ᠠᠬᠤᠢ ᠶᠢᠨ ᠬᠥᠭᠵᠢᠯᠲᠡ ᠳᠤ ᠥᠨᠢᠳᠡ ᠶᠢᠨ ᠬᠥᠳᠡᠯᠭᠡᠭᠦ ᠬᠦᠴᠦᠨ ᠬᠠᠩᠭᠠᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠲᠦᠮᠵᠢᠲᠡᠢ ᠠᠬᠢᠭᠤᠯᠬᠤ ᠬᠡᠷᠡᠭᠲᠡᠢ᠃ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠴᠡᠭ ᠠᠴᠠ ᠴᠡᠭ ᠲᠠᠢ ᠬᠠᠷᠢᠯᠴᠠᠵᠤ᠂ ᠤᠷᠢᠳᠠᠪᠠᠷ ᠦᠢᠯᠡᠴᠢᠯᠡᠵᠦ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠪᠠᠷ ᠢᠶᠠᠨ ᠠᠵᠤ ᠠᠬᠤᠶᠢᠯᠠᠯ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠠᠵᠤ ᠠᠬᠤᠢ ᠶᠢᠨ ᠨᠡᠮᠡᠭᠳᠡᠯ ᠢ ᠲᠣᠭᠲᠠᠭᠤᠨ ᠪᠠᠶᠢᠯᠭᠠᠬᠤ ᠳᠡᠭᠡᠷ᠎ᠡ ᠦᠷᠭᠦᠯᠵᠢᠯᠡᠨ ᠦᠨᠡᠨᠬᠦ ᠬᠦᠴᠦ ᠣᠷᠣᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠠᠯ᠎ᠠ ᠪᠠᠷ ᠦᠨᠡᠨᠬᠦ ᠦᠷ᠎ᠡ ᠪᠦᠲᠦᠮᠵᠢ ᠣᠯᠵᠤ᠂ ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠵᠦ᠂︽ᠪᠦᠬᠦ ᠵᠢᠯ ᠢᠶᠠᠷ ᠢᠶᠠᠨ ᠬᠥᠭᠵᠢᠬᠦ︾ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠡᠢ᠃
聚焦指标运行再发力 奋力实现首季“开门红”2.jpg
      ᠴᠧᠨ ᠬᠤᠷᠴᠠ᠂ ᠵᠠᠩ ᡁᠢ ᠺᠦᠢ᠂ ᠵᠢᠶᠣᠣ ᠴᠢᠶᠠᠨ᠂ ᠴᠢᠶᠣᠤ ᠱᠧᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ