ᠭᠤᠤ ᠹᠧᠩ ᠮᠠᠨ ᠤ ᠰᠢᠶᠠᠨ ᠪᠣᠯᠤᠨ ᠳ᠋ᠠ ᠲᠠᠩ ᠪᠦᠯᠦᠭᠯᠡᠯ ᠤᠨ ᠳ᠋ᠠᠶᠢᠲ᠋ᠠ ᠶᠢᠨ ᠲᠥᠪ ᠤᠨ ᠲᠥᠷᠥᠯ ᠵᠦᠢᠯ ᠤᠨ ᠵᠥᠪᠳᠡᠯᠴᠡᠬᠡᠷ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/24
3.24高峰主持召开我县与大唐集团数据中心项目洽谈会.jpg
      3 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠮᠠᠨ ᠤ ᠰᠢᠶᠠᠨ ᠪᠣᠯᠤᠨ ᠳ᠋ᠠ ᠲᠠᠩ ᠪᠦᠯᠦᠭᠯᠡᠯ ᠤᠨ ᠲᠤᠭ᠎ᠠ ᠪᠠᠷᠢᠮᠲᠠ ᠶᠢᠨ ᠲᠥᠪ ᠤᠨ ᠲᠥᠷᠥᠯ ᠵᠦᠢᠯ ᠤᠨ ᠵᠥᠪᠳᠡᠯᠴᠡᠬᠡᠷ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠭᠤᠤ ᠹᠧᠩ ᠳ᠋ᠡ ᠲᠠᠩ ᠪᠦᠯᠦᠭᠯᠡᠯ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠬᠤᠶᠠᠷ ᠲᠠᠯ᠎ᠠ ᠪᠠᠷ ᠢᠶᠠᠨ ᠭᠦᠢᠴᠡᠳ ᠰᠣᠯᠢᠯᠴᠠᠬᠤ ᠪᠠᠷ ᠳᠠᠮᠵᠢᠭᠤᠯᠵᠤ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠬᠤᠷᠠᠯ ᠠᠴᠠ ᠳ᠋ᠠ ᠲᠠᠩ ᠪᠦᠯᠦᠭᠯᠡᠯ ᠤᠨ ᠲᠤᠭ᠎ᠠ ᠪᠠᠷᠢᠮᠲᠠ ᠶᠢᠨ ᠲᠥᠪ ᠤᠨ ᠲᠦᠷᠦᠯ ᠵᠦᠢᠯ ᠤᠨ ᠦᠨᠳᠦᠰᠦᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠲᠦᠷᠦᠯ ᠵᠦᠢᠯ ᠤᠨ ᠬᠥᠭᠵᠢᠯᠲᠡ ᠵᠢᠴᠢ ᠲᠥᠯᠥᠪᠵᠢᠭᠦᠯᠭᠡ ᠵᠢᠷᠤᠭ ᠲᠥᠯᠥᠪᠯᠡᠭᠡ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃ ᠬᠤᠶᠠᠷ ᠲᠠᠯ᠎ᠠ ᠪᠠᠷ ᠢᠶᠠᠨ ᠳ᠋ᠠ ᠲᠠᠩ ᠪᠦᠯᠦᠭᠯᠡᠯ ᠤᠨ ᠲᠤᠭ᠎ᠠ ᠪᠠᠷᠢᠮᠲᠠ ᠶᠢᠨ ᠲᠥᠪ ᠤᠨ ᠲᠦᠷᠦᠯ ᠵᠦᠢᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠳ᠋ᠠ ᠲᠠᠩ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠷᠢᠨᠭᠡᠷ ᠰᠢᠶᠠᠨ ᠤ ᠵᠠᠰᠠᠭ ᠤᠨ ᠣᠷᠳᠣᠨ ᠠᠴᠠ ᠳ᠋ᠠ ᠲᠠᠩ ᠪᠦᠯᠦᠭᠯᠡᠯ ᠤᠨ ᠲᠤᠭ᠎ᠠ ᠪᠠᠷᠢᠮᠲᠠ ᠶᠢᠨ ᠲᠥᠪ ᠤᠨ ᠲᠦᠷᠦᠯ ᠵᠦᠢᠯ ᠢ ᠳᠡᠮᠵᠢᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠬᠤᠷᠠᠯ ᠠᠴᠠ᠂ ᠬᠤᠷᠢᠨᠭᠡᠷ ᠰᠢᠶᠠᠨ ᠤ ᠬᠢᠨ ᠲᠤᠰ ᠤᠳᠠᠭ᠎ᠠ ᠶᠢᠨ ᠳ᠋ᠠ ᠲᠠᠩ ᠪᠦᠯᠦᠭᠯᠡᠯ ᠲᠠᠢ ᠬᠠᠮᠲᠤᠷᠠᠯᠴᠠᠬᠤ ᠠᠵᠠ ᠲᠣᠬᠢᠶᠠᠯ ᠢ ᠠᠮᠵᠢᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠤᠨ᠎ᠠ᠃ ᠠᠵᠢᠯ ᠤᠨ ᠲᠤᠰᠬᠠᠶ ᠠᠩᠭᠢ ᠶᠢ ᠲᠦᠷᠭᠡᠬᠡᠨ ᠪᠠᠶᠢᠭᠤᠯᠵᠤ᠂ ᠬᠥᠭᠵᠢᠭᠦᠯᠦᠯᠲᠡ ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ᠂ ᠭᠠᠵᠠᠷ ᠰᠢᠷᠣᠶ ᠶᠢᠨ ᠬᠤᠷᠢᠶᠠᠨ ᠨᠥᠭᠡᠴᠡᠯᠡᠬᠦ ᠲᠥᠪ ᠵᠡᠷᠭᠡ ᠡᠯ᠎ᠡ ᠰᠠᠯᠠᠭ᠎ᠠ ᠮᠥᠴᠢᠷ ᠤᠳ ᠵᠣᠬᠢᠴᠠᠯᠳᠤᠨ ᠬᠥᠳᠡᠯᠦᠯᠴᠡᠵᠦ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠶ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠴᠠ ᠠᠵᠤ ᠠᠬᠤᠶᠢᠯᠠᠯ ᠳᠤ ᠰᠢᠯᠢᠳᠡᠭ ᠰᠠᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠬᠠᠩᠭᠠᠵᠤ᠂ ᠵᠠᠰᠠᠭ ᠠᠵᠤ ᠠᠬᠤᠶᠢᠯᠠᠯ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ ᠵᠢᠭᠠᠵᠤ ᠭᠠᠷᠭᠠᠪᠠ᠃      ᠰᠢᠶᠠᠨ ᠤ ᠤᠳᠤᠷᠢᠳᠤᠯᠭ᠎ᠠ ᠸᠧᠢ ᠪᠢᠨ᠂ ᠰᠦ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠬᠠᠷᠢᠭᠤᠴᠠᠯᠭᠠᠲᠠᠨ᠂ ᠳ᠋ᠠ ᠲᠠᠩ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ