︵ᠰᠤᠷᠪᠤᠯᠵᠢᠯᠠᠭᠴᠢ ᠮᠢᠶᠣᠣ ᠴᠢᠩ︶ 3 ᠳ᠋ᠤᠭᠠᠷ ᠰᠠᠷ᠎ᠠ ᠶᠢᠨ 24 ᠤ ᠡᠳᠦᠷ᠂ ᠰᠤᠷᠪᠤᠯᠵᠢᠯᠠᠭᠴᠢ ᠬᠤᠲᠠ ᠶᠢᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠨᠢ᠂ ᠪᠥᠬᠦ ᠬᠤᠲᠠ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠤᠨ ᠲᠠᠩᠰᠠᠨ ᠡᠷᠦᠬᠡ ᠶᠢᠨ ᠡᠯ᠎ᠡ ᠵᠦᠢᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ | ᠨᠢᠭᠡᠳᠦᠯᠲᠡᠢ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠲᠠᠷᠬᠠᠭᠠᠨ᠎ᠠ᠃ | ᠲᠣᠰ ᠤᠳᠠᠭ᠎ᠠ ᠲᠣᠬᠢᠷᠠᠭᠤᠯᠤᠯᠲᠠ ᠶᠢᠨ ᠡᠲᠡᠭᠡᠳ ᠪᠣᠯ᠄ ᠮᠠᠨ ᠤ ᠬᠤᠲᠠ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠠᠪᠴᠤ ᠪᠠᠶᠢᠭ᠎ᠠ ᠠᠵᠢᠯ ᠠᠴᠠ ᠪᠠᠨ ᠠᠮᠠᠷᠠᠭᠰᠠᠳ᠂ ᠨᠥᠭᠴᠢᠭᠰᠡᠳ ᠤᠨ ᠭᠡᠷ ᠪᠦᠯᠢ ᠶᠢᠨ ᠬᠦᠴᠢᠷᠳᠡᠯ ᠤᠨ | ᠨᠥᠬᠦᠪᠦᠷᠢ ᠮᠥᠩᠭᠦ ᠬᠦᠷᠲᠡᠵᠦ ᠪᠠᠶᠢᠭ᠎ᠠ ᠨᠥᠭᠴᠢᠭᠰᠡᠳ ᠤᠨ ᠭᠡᠷ ᠪᠦᠯᠢ ᠶᠢᠨ ᠬᠥᠮᠥᠰ᠂ ᠰᠣᠯᠢᠬᠤ ᠴᠠᠭ ᠨᠢ 3 ᠳ᠋ᠤᠭᠠᠷ ᠰᠠᠷ᠎ᠠ ᠶᠢᠨ 1 ᠤ ᠡᠳᠦᠷ ᠠᠴᠠ 9 | ᠳ᠋ᠦ᠋ᠭᠡᠷ ᠰᠠᠷ᠎ᠠ ᠶᠢᠨ 30 ᠤ ᠡᠳᠦᠷ᠃ ᠡᠨᠡ ᠬᠤᠭᠤᠴᠠᠭᠠᠨ ᠳᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠨᠠᠰᠤᠨ ᠤ ᠠᠮᠠᠷᠠᠯᠲᠠ ᠠᠪᠬᠤ ᠪᠠᠷ | ᠭᠤᠶᠤᠴᠢᠯᠠᠬᠤ ᠳᠠᠭᠠᠨ ᠡᠷᠬᠡᠪᠰᠢ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠲᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠮᠡᠳᠡᠭᠡ ᠵᠠᠩᠭᠢ ᠪᠠᠨ | ᠬᠠᠩᠭᠠᠬᠤ ᠬᠡᠷᠡᠭᠲᠡᠢ︔ᠮᠥᠩᠭᠦᠨ ᠭᠦᠢᠯᠭᠡᠭᠡᠨ ᠤ ᠴᠢᠳᠠᠮᠵᠢ ᠶᠢ ᠨᠢᠭᠡᠨᠲᠡ ᠠᠮᠢᠯᠠᠭᠤᠯᠤᠭᠰᠠᠨ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ ᠠᠵᠢᠯ ᠠᠴᠠ ᠪᠠᠨ | ᠠᠮᠠᠷᠠᠭᠰᠠᠳ ᠤᠨ ᠬᠠᠷᠠᠭᠠᠯᠵᠠᠯ ᠤᠨ ᠮᠥᠩᠭᠦ ᠶᠢ ᠠᠶᠠᠨᠳᠠᠭᠠᠨ ᠨᠡᠶᠢᠭᠡᠮ ᠤᠨ ᠪᠠᠲᠤᠯᠠᠭ᠎ᠠ ᠶᠢᠨ ᠺᠠᠷᠲ ᠳᠤ ᠰᠢᠯᠵᠢᠭᠦᠯᠵᠦ ᠲᠠᠷᠬᠠᠭᠠᠨ᠎ᠠ᠂ ᠲᠠᠩᠰᠠᠨ ᠡᠷᠦᠬᠡ ᠶᠢᠨ | ᠮᠡᠳᠡᠭᠡ ᠵᠠᠩᠭᠢ ᠶᠢ ᠬᠤᠪᠢᠷᠠᠭᠤᠯᠬᠤ ᠭᠠᠷ ᠭᠦᠢᠴᠡᠳᠬᠡᠯ ᠬᠢᠬᠦ ᠴᠢᠬᠤᠯᠠ ᠦᠭᠡᠢ︔ ᠨᠡᠶᠢᠭᠡᠮ ᠤᠨ ᠪᠠᠲᠤᠯᠠᠭ᠎ᠠ ᠶᠢᠨ ᠺᠠᠷᠲ ᠠᠪᠤᠭᠰᠠᠨ ᠪᠣᠯᠪᠠᠴᠤ ᠮᠥᠩᠭᠦᠨ | ᠭᠦᠢᠯᠭᠡᠭᠡᠨ ᠤ ᠴᠢᠳᠠᠮᠵᠢ ᠶᠢ ᠠᠮᠢᠯᠠᠭᠤᠯᠤᠭᠠᠳᠤᠢ ᠠᠵᠢᠯ ᠠᠴᠠ ᠪᠠᠨ ᠠᠮᠠᠷᠠᠭᠰᠠᠳ ᠺᠠᠷᠲ ᠲᠠᠷᠬᠠᠭᠠᠭᠰᠠᠨ ᠪᠠᠩᠬᠢ ᠳᠤ ᠲᠦᠷᠭᠡᠨ ᠬᠦᠷᠴᠦ ᠮᠥᠩᠭᠦᠨ | ᠭᠦᠢᠯᠭᠡᠭᠡᠨ ᠤ ᠴᠢᠳᠠᠮᠵᠢ ᠶᠢ ᠠᠮᠢᠯᠠᠭᠤᠯᠤᠨ᠎ᠠ︔ ᠨᠡᠶᠢᠭᠡᠮ ᠤᠨ ᠪᠠᠲᠤᠯᠠᠭ᠎ᠠ ᠶᠢᠨ ᠺᠠᠷᠲ ᠠᠪᠤᠭᠠᠳᠤᠢ ᠠᠵᠢᠯ ᠠᠴᠠ ᠪᠠᠨ ᠠᠮᠠᠷᠠᠭᠰᠠᠳ ᠠᠯᠢ ᠲᠦᠷᠭᠡᠨ ᠢᠶᠠᠷ | ᠲᠣᠭᠲᠠᠭᠰᠠᠨ ᠪᠠᠩᠬᠢ ᠳᠤ ᠬᠦᠷᠴᠦ ᠭᠤᠶᠤᠴᠢᠯᠠᠨ ᠠᠪᠬᠤ ᠶᠢᠨ ᠬᠠᠮᠲᠤ ᠮᠥᠩᠭᠦᠨ ᠭᠦᠢᠯᠭᠡᠭᠡᠨ ᠤ ᠴᠢᠳᠠᠮᠵᠢ ᠶᠢ ᠠᠮᠢᠯᠠᠭᠤᠯᠬᠤ ᠬᠡᠷᠡᠭᠲᠡᠢ︔ ᠥᠨᠳᠥᠷ ᠨᠠᠰᠤᠲᠠᠢ | ᠂ ᠡᠪᠡᠳᠴᠢᠨ ᠲᠠᠢ᠂ ᠵᠡᠮᠳᠡᠭ ᠬᠥᠮᠥᠨ ᠵᠡᠷᠭᠡ ᠶᠠᠪᠤᠵᠤ ᠰᠠᠭᠤᠬᠤ ᠳᠤ ᠳᠥᠭᠦᠮ ᠦᠭᠡᠢ ᠠᠵᠢᠯ ᠠᠴᠠ ᠪᠠᠨ ᠠᠮᠠᠷᠠᠭᠰᠠᠳ ᠺᠠᠷᠲ ᠲᠠᠷᠬᠠᠭᠠᠭᠰᠠᠨ ᠣᠶᠢᠷ᠎ᠠ | ᠬᠠᠪᠢ ᠶᠢᠨ ᠪᠠᠩᠬᠢ ᠲᠠᠢ ᠬᠠᠷᠢᠯᠴᠠᠵᠤ᠂ ᠭᠡᠷ ᠲᠤᠨᠢ ᠬᠦᠷᠴᠦ ᠺᠠᠷᠲ ᠬᠢᠯᠭᠡᠵᠦ ᠪᠣᠯᠣᠨ᠎ᠠ︔ ᠨᠡᠶᠢᠭᠡᠮ ᠤᠨ ᠳᠠᠭᠠᠳᠬᠠᠯ ᠤᠨ ᠪᠡᠶᠡᠴᠢ ᠺᠠᠷᠲ ᠲᠠᠢ ᠠᠵᠢᠯ | ᠠᠴᠠ ᠪᠠᠨ ᠠᠮᠠᠷᠠᠭᠰᠠᠳ ᠠᠯᠢ ᠲᠦᠷᠭᠡᠨ ᠢᠶᠠᠷ ᠨᠡᠶᠢᠭᠡᠮ ᠤᠨ ᠳᠠᠭᠠᠳᠬᠠᠯ ᠤᠨ ᠡᠯᠧᠺᠲᠷᠣᠨ ᠺᠠᠷᠲ ᠢ ᠭᠤᠶᠤᠴᠢᠯᠠᠨ ᠠᠪᠤᠭᠠᠷᠠᠢ᠃ |