ᠴᠢᠩ ᠱᠦᠢ ᠾᠧ ᠰᠢᠶᠠᠨ᠄ ᠵᠥᠩ ᠾᠧ ᠸᠠᠨ ᠵᠢᠶᠠ ᠴᠢᠩ ᠱᠦᠢ ᠾᠧ ᠰᠢᠶᠠᠨ ᠤ ᠤᠳᠤ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2023/3/29
清水河县:全力推进中合万家清水河县现代农业科技产业园项目建设.jpg
      3 ᠳ᠋ᠤᠭᠠᠷ ᠰᠠᠷ᠎ᠠ ᠶᠢᠨ 28 ᠤ ᠡᠳᠦᠷ᠂ ᠵᠥᠩ ᠾᠧ ᠸᠠᠨ ᠵᠢᠶᠠ · ᠴᠢᠩ ᠱᠦᠢ ᠾᠧ ᠰᠢᠶᠠᠨ ᠤ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠲᠥᠯᠦᠪᠵᠢᠭᠦᠯᠭᠡ ᠶᠢᠨ ᠶᠠᠷᠢᠯᠴᠠᠬᠤ ᠬᠤᠷᠠᠯ ᠬᠤᠷᠠᠯᠳᠤᠪᠠ᠃      ᠬᠤᠷᠠᠯ ᠳᠡᠭᠡᠷ᠎ᠡ᠂ ᠵᠥᠩ ᠾᠧ ᠸᠠᠨ ᠵᠢᠶᠠ ᠶᠢᠨ ᠮᠡᠷᠭᠡᠵᠢᠯ ᠤᠨ ᠠᠵᠢᠯᠲᠠᠨ ᠠᠴᠠ ᠴᠢᠩ ᠱᠦᠢ ᠾᠧ ᠰᠢᠶᠠᠨ ᠤ ᠤᠳᠤ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠲᠥᠯᠦᠪᠵᠢᠭᠦᠯᠭᠡ ᠶᠢ ᠨᠠᠷᠢᠨ ᠨᠢᠭᠲᠠ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠲᠠᠢ ᠲᠦᠷᠦᠯ ᠵᠦᠢᠯ ᠢ ᠬᠢᠨᠠᠨ ᠵᠥᠪᠰᠢᠶᠡᠷᠡᠬᠦ ᠭᠠᠷ ᠭᠦᠢᠴᠡᠳᠬᠡᠯ᠂ ᠢᠨᠵᠧᠨᠧᠷᠢᠩ ᠤᠨ ᠠᠬᠢᠴᠠ ᠶᠢᠨ ᠪᠠᠶᠢᠳᠠᠯ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠭᠦᠨᠵᠡᠭᠡᠢ ᠰᠣᠯᠢᠯᠴᠠᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠵᠦᠩ ᠾᠧ ᠸᠠᠨ ᠵᠢᠶᠠ· ᠴᠢᠩ ᠱᠦᠢ ᠾᠧ ᠰᠢᠶᠠᠨ ᠤ ᠤᠳᠤ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠪᠣᠯ ᠮᠠᠨ ᠤ ᠰᠢᠶᠠᠨ ᠤ ᠲᠠᠷᠢᠶᠠᠯᠠᠩ ᠤᠨ ᠡᠬᠢ ᠪᠠᠶᠠᠯᠢᠭ ᠪᠣᠯᠣᠨ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ ᠣᠷᠣᠭᠤᠯᠤᠨ ᠠᠪᠴᠢᠷᠠᠭᠰᠠᠨ ᠲᠠᠷᠢᠶᠠᠯᠠᠩ ᠤᠨ ᠠᠵᠤ ᠦᠢᠯᠡᠰ ᠤᠨ ᠭᠤᠣᠯᠳᠠᠯᠭ᠎ᠠ ᠲᠠᠢ ᠲᠦᠷᠦᠯ ᠵᠦᠢᠯ ᠪᠣᠯᠣᠨ᠎ᠠ᠃ᠡᠯ᠎ᠡ ᠰᠠᠯᠠᠭ᠎ᠠ ᠮᠥᠴᠢᠷ ᠤᠨ ᠬᠢᠨ ᠵᠥᠩ ᠾᠧ ᠸᠠᠨ ᠵᠢᠶᠠ · ᠴᠢᠩ ᠱᠦᠢ ᠾᠧ ᠰᠢᠶᠠᠨ ᠤ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠲᠥᠯᠦᠪᠵᠢᠭᠦᠯᠭᠡ ᠵᠢᠴᠢ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠳᠤ ᠢᠳᠡᠪᠬᠢᠲᠡᠢ ᠬᠠᠮᠵᠢᠯᠴᠠᠵᠤ᠂ ᠦᠢᠯᠡᠴᠢᠯᠡᠭᠡᠨ ᠤ ᠦᠵᠡᠯ ᠤᠬᠠᠮᠰᠠᠷ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠲᠥᠷᠥᠯ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ᠵᠥᠩ ᠾᠧ ᠸᠠᠨ ᠵᠢᠶᠠ ᠺᠣᠮᠫᠠᠨᠢ ᠲᠥᠷᠥᠯ ᠵᠦᠢᠯ ᠢ ᠬᠡᠷᠡᠭᠵᠢᠭᠦᠯᠬᠦ ᠲᠥᠯᠥᠪᠯᠡᠭᠡ ᠶᠣᠰᠣᠭᠠᠷ᠂ ᠲᠥᠷᠥᠯ ᠵᠦᠢᠯ ᠤᠨ ᠲᠥᠯᠦᠪᠵᠢᠭᠦᠯᠭᠡ᠂ ᠬᠠᠮᠢᠶ᠎ᠠ ᠪᠦᠬᠦᠢ ᠭᠠᠷᠳᠠᠮ ᠢ ᠭᠦᠢᠴᠡᠳᠬᠡᠬᠦ ᠠᠬᠢᠴᠠ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠂ ᠡᠷᠲᠡᠬᠡᠨ ᠪᠠᠶᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃      ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ