ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠢᠨ᠎ᠡ ᠬᠡᠪᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠣᠯᠭᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/3/3
3.3县文化市场综合行政执法局举行新版行政执法证颁发仪式.jpg
      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠰᠢᠶᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠲᠦᠷᠢᠮ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠶᠢᠨ ᠲᠤᠰᠠᠳᠠ᠂ 3 ᠰᠠᠷ᠎ᠠ ᠶᠢᠨ 2 ᠤᠨ ᠡᠳᠦᠷ᠂ ᠬᠤᠷᠢᠨᠭᠡᠷ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ  ᠰᠢᠨ᠎ᠡ ᠬᠡᠪᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠣᠯᠭᠤᠬᠤ ᠶᠣᠰᠣᠯᠠᠯ ᠶᠠᠪᠤᠭᠤᠯᠪᠠ᠃      ᠶᠣᠰᠣᠯᠠᠯ ᠳᠡᠭᠡᠷ᠎ᠡ᠂ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠪᠣᠳᠠᠲᠠᠶ ᠱᠠᠭᠠᠷᠳᠠᠯᠭ᠎ᠠ ᠳᠤᠷᠠᠳᠴᠤ᠂ ᠬᠠᠤᠯᠢ ᠪᠠᠷ ᠵᠠᠰᠠᠬᠤ ᠦᠵᠡᠯᠲᠡ ᠶᠢ ᠪᠠᠷᠢᠮᠲᠠᠯᠠᠨ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠰᠣᠶᠣᠯ ᠤᠨ ᠵᠠᠬ᠎ᠠ ᠳᠡᠯᠭᠡᠭᠦᠷ ᠢ ᠬᠠᠮᠢᠶᠠᠷᠴᠤ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠢᠨᠠᠮᠠᠭᠠᠶ ᠥᠷᠨᠢᠭᠦᠯᠵᠦ᠂ ᠦᠨᠡᠮᠯᠡᠯ ᠥᠬᠡᠶ ᠪᠠᠷ ᠠᠵᠢᠯ ᠤᠨ ᠪᠠᠶᠢᠷᠢ ᠳᠤ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠃ ᠬᠠᠤᠯᠢ ᠬᠡᠷᠡᠭᠵᠢᠭᠦᠯᠬᠦ ᠴᠢᠳᠠᠪᠤᠷᠢ ᠪᠠᠨ ᠴᠢᠩᠭᠠᠳᠬᠠᠵᠤ᠂ ᠴᠠᠭ ᠲᠤᠬᠠᠶ ᠳᠤᠨᠢ ᠰᠤᠷᠤᠯᠴᠠᠨ ᠲᠣᠬᠢᠷᠠᠭᠤᠯᠵᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠦᠢᠯᠡᠳᠦᠯᠭᠡ ᠳᠤ ᠰᠠᠭᠤᠷᠢᠯᠠᠵᠤ᠂ ᠰᠢᠨ᠎ᠡ ᠮᠡᠳᠡᠯᠭᠡ ᠶᠢ ᠢᠯᠡᠭᠦᠬᠡᠨ ᠰᠤᠳᠤᠯᠵᠤ᠂ ᠰᠢᠷᠭᠠᠭᠤ ᠰᠡᠳᠬᠢᠵᠦ᠂ ᠳ᠋ᠦᠩᠨᠡᠯᠲᠡ ᠬᠢᠬᠦ ᠳᠡᠭᠡᠨ ᠴᠢᠳᠠᠮᠠᠭᠠᠶ ᠪᠠᠶᠢᠵᠤ᠂ ᠴᠠᠭ ᠢᠮᠠᠭᠲᠠ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠬᠦ ᠦᠨᠡᠮᠯᠡᠯ ᠢ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠯᠡᠵᠦ᠂ ᠪᠡᠶ᠎ᠡ ᠪᠠᠨ ᠴᠢᠩᠭ᠎ᠠ ᠱᠠᠭᠠᠷᠳᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠰᠠᠬᠢᠯᠭ᠎ᠠ ᠪᠠᠲᠤ ᠶᠢᠨ ᠤᠯᠠᠭᠠᠨ ᠱᠤᠭᠤᠮ᠂ ᠰᠡᠷᠭᠡᠶᠢᠯᠡᠯᠲᠡ ᠶᠢᠨ ᠱᠤᠭᠤᠮ᠂ ᠬᠤᠷᠢᠭ᠎ᠠ ᠱᠤᠭᠤᠮ ᠢ ᠪᠠᠲᠤ ᠰᠠᠬᠢᠵᠤ᠂ ᠮᠠᠨ ᠤ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠰᠠᠶᠢᠨ ᠰᠠᠶᠢᠬᠠᠨ ᠲᠦᠷᠢ ᠲᠥᠷᠬᠦ ᠶᠢ ᠦᠨᠡᠨᠬᠦ ᠪᠤᠢ ᠪᠣᠯᠭᠠᠵᠤ᠂ ᠮᠠᠨ ᠤ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠶ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ︽ᠢᠯᠡ ᠭᠡᠷᠡᠴᠢ ᠪᠠᠷ ᠬᠠᠤᠯᠢ ᠬᠡᠷᠡᠭᠵᠢᠭᠦᠯᠬᠦ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠬᠦ ᠠᠷᠭ᠎ᠠ ᠶᠢ ᠴᠢᠩᠭ᠎ᠠ ᠬᠡᠷᠡᠭᠵᠢᠭᠦᠯᠵᠦ᠂ ᠵᠢᠷᠤᠮᠵᠢᠯ ᠲᠠᠢ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠨ᠂ ᠰᠢᠨ᠎ᠡ ᠳᠦᠷᠢ ᠲᠥᠷᠬᠦ᠂ ᠰᠢᠨ᠎ᠡ ᠳᠦᠷᠰᠦ ᠪᠠᠶᠢᠳᠠᠯ᠂ ᠰᠢᠨ᠎ᠡ ᠵᠣᠷᠢᠭ ᠰᠠᠨᠠᠭ᠎ᠠ ᠪᠠᠷ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠳᠥᠯᠭᠢᠨ ᠠᠬᠢᠭᠤᠯᠤᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ