ᠰᠠᠶᠢᠬᠠᠨ ᠲᠣᠭᠤᠷᠢᠭ ᠬᠤᠳᠠ ᠶᠢᠨ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠤᠳᠠᠯᠳᠤᠭᠠᠴᠢᠨ ᠤᠷᠢᠵᠤ ᠭᠡᠷ᠎ᠡ ᠲᠣᠭᠲᠠᠬᠤ ᠶᠣᠰᠣᠯᠠᠯ ᠬᠢᠵᠡᠢ
ᠨᠡᠶᠢᠲᠡᠯᠡᠭᠰᠡᠨ ᠴᠠᠭ᠄
2023/3/30
      ︵ᠰᠤᠷᠪᠤᠯᠵᠢᠯᠠᠭᠴᠢ ᠶᠠᠩ ᠼᠠᠢ ᠰᠢᠶᠠ︶ 3 ᠳ᠋ᠤᠭᠠᠷ ᠰᠠᠷ᠎ᠠ ᠶᠢᠨ 29 ᠤ ᠡᠳᠦᠷ᠂ ᠰᠠᠶᠢᠬᠠᠨ ᠲᠣᠭᠤᠷᠢᠭ ᠬᠤᠳᠠ ᠶᠢᠨ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠤᠳᠠᠯᠳᠤᠭᠠᠴᠢᠨ ᠤᠷᠢᠵᠤ ᠭᠡᠷ᠎ᠡ ᠲᠣᠭᠲᠠᠬᠤ ᠶᠣᠰᠣᠯᠠᠯ ᠬᠢᠪᠡ᠃ ᠠᠬᠤᠢ ᠲᠠᠯᠠᠪᠠᠢ ᠳᠤ 4 ᠲᠥᠷᠥᠯ ᠵᠦᠢᠯ ᠢ ᠲᠥᠪᠯᠡᠷᠡᠭᠦᠯᠦᠨ ᠭᠡᠷ᠎ᠡ ᠲᠣᠭᠲᠠᠵᠤ᠂ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ 39.6 ᠳ᠋ᠦᠩᠰᠢᠭᠤᠷ ᠲᠥᠭᠦᠷᠢᠭ ᠬᠥᠷᠪᠡ᠃ ᠬᠤᠲᠠ ᠶᠢᠨ ᠤᠳᠤᠷᠢᠳᠤᠯᠭ᠎ᠠ ᠶᠦᠨ ᠰᠢᠨ ᠮᠢᠩ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃      ᠲᠣᠰ ᠤᠳᠠᠭᠠᠨ ᠤ ᠭᠡᠷ᠎ᠡ ᠲᠣᠭᠲᠠᠭᠰᠠᠨ ᠲᠥᠷᠥᠯ ᠵᠦᠢᠯ ᠨᠢ ᠭᠤᠣᠯᠳᠠᠭᠤ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠬᠤᠯᠪᠣᠭᠳᠠᠵᠠᠢ᠃ ᠡᠭᠦᠨ ᠳᠤ᠂ ᠥᠪᠥᠷ ᠮᠣᠩᠭᠤᠯ ᠤᠨ ᠵᠢᠶᠠ ᠱᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠷᠦᠨ ᠽᠧ ᠶᠤᠸᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠨᠢᠭᠡ ᠪᠦᠯᠦᠭ ᠥᠨᠳᠥᠷ ᠪᠠᠷᠢᠮᠵᠢᠶᠠᠲᠤ ᠪᠡᠯᠡᠳᠬᠡᠮᠵᠢᠲᠦ ᠲᠠᠷᠢᠶᠠᠯᠠᠩ ᠤᠨ ᠲᠣᠮᠣ ᠬᠦᠯᠡᠮᠵᠢ︔ ᠥᠪᠥᠷ ᠮᠣᠩᠭᠤᠯ ᠤᠨ ᠮᠧᠩ ᠶᠧᠦ ᠵᠢᠢ ᠣᠷᠭᠠᠨᠢᠭ ᠲᠠᠷᠢᠶᠠᠯᠠᠩ ᠤᠨ ᠵᠢᠭᠤᠯᠴᠢᠯᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠬᠤᠸ ᠰᠢᠶᠠᠩ ᠢᠳᠡᠭᠡᠨ ᠤᠮᠳᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠣᠶᠤᠨᠲᠤ ᠲᠠᠷᠢᠶᠠᠯᠠᠩ᠂ ᠰᠣᠶᠣᠯ᠂ ᠵᠢᠭᠤᠯᠴᠢᠯᠠᠯ᠂ ᠢᠳᠡᠭᠡᠨ ᠤᠮᠳᠠᠭᠠᠨ ᠂ ᠬᠤᠨᠤᠭ ᠪᠠᠭᠤᠳᠠᠯ᠂ ᠵᠤᠭ᠎ᠠ ᠴᠡᠩᠭᠡᠯ ᠢ ᠶᠡᠷᠦᠩᠬᠡᠶᠢᠯᠡᠭᠰᠡᠨ ᠣᠯᠠᠨ ᠡᠰᠢᠲᠦ ᠲᠥᠷᠥᠯ ᠵᠦᠢᠯ ᠪᠠᠭᠲᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ