ᠰᠢᠶᠠᠨ ᠤ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠭᠰᠠᠨ ᠨᠡᠶᠢᠭᠡᠮ ᠲᠣᠭᠤᠷᠢᠭ ᠤᠨ ᠪᠣᠯᠪᠠᠰᠤᠨ ᠬᠤᠳᠠ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/30
3.30县领导召开包联社区创城工作推进会.jpg
      ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠤᠰᠠᠳᠠ᠂ 3 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ᠂ ᠰᠢᠤᠸᠠᠢ ᠹᠦ᠋ ᠨᠡᠶᠢᠭᠡᠮ ᠲᠣᠭᠤᠷᠢᠭ ᠤᠨ ᠪᠣᠯᠪᠠᠰᠤᠨ ᠬᠤᠲᠠ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠫᠦ᠋ ᠰᠢ ᠸᠠᠨ 3 ᠰᠠᠷ᠎ᠠ ᠶᠢᠨ ᠨᠡᠶᠢᠭᠡᠮ ᠲᠣᠭᠤᠷᠢᠭ ᠤᠨ ᠪᠣᠯᠪᠠᠰᠤᠨ ᠬᠤᠲᠠ ᠡᠭᠦᠳᠦᠨ ᠪᠠᠶᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠳᠠᠭᠠᠭᠠᠴᠢᠯᠠᠭᠰᠠᠨ ᠨᠢᠭᠡᠴᠡ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃      ᠬᠤᠷᠠᠯ ᠠᠴᠠ 3 ᠰᠠᠷ᠎ᠠ ᠶᠢᠨ ᠪᠣᠯᠪᠠᠰᠤᠨ ᠬᠤᠳᠠ ᠶᠢᠨ ᠳᠠᠭᠤᠷᠢᠶᠠᠮᠠᠯ ᠰᠢᠯᠭᠠᠨ ᠦᠨᠡᠯᠡᠯᠲᠡ ᠶᠢᠨ ᠪᠠᠶᠢᠳᠠᠯ ᠢ ᠵᠠᠷᠯᠠᠨ ᠮᠡᠳᠡᠭᠳᠡᠪᠡ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠤᠸᠠᠢ ᠹᠦ᠋ ᠨᠡᠶᠢᠭᠡᠮ ᠲᠣᠭᠤᠷᠢᠭ ᠤᠨ ᠬᠢᠨ 3 ᠰᠠᠷ᠎ᠠ ᠳᠤ ᠲᠤᠬᠠᠶ ᠶᠢᠨ ᠭᠠᠵᠠᠷ ᠲᠤᠨᠢ ᠰᠢᠯᠭᠠᠨ ᠲᠣᠭᠲᠠᠭᠠᠭᠰᠠᠨ ᠬᠢᠷᠢ ᠪᠦᠲᠦᠮᠵᠢ ᠨᠢ ᠨᠡᠯᠢᠶᠡᠳ ᠰᠠᠶᠢᠨ ᠪᠠᠶᠢᠵᠤ᠂ ᠨᠡᠷᠡᠰ ᠤᠨ ᠵᠢᠭᠰᠠᠭᠠᠯᠲᠠ ᠨᠢ ᠶᠡᠷᠦᠩᠬᠡᠶ ᠳᠡᠭᠡᠨ ᠡᠮᠦᠨ᠎ᠡ ᠡᠩᠨᠡᠭᠡᠨ ᠳᠤ ᠤᠷᠤᠭᠰᠠᠨ ᠪᠠᠶᠢᠨ᠎ᠠ᠂ ᠡᠨᠡ ᠪᠣᠯ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠡᠮᠦᠨᠡᠬᠢ ᠬᠤᠭᠤᠴᠠᠭᠠᠨ ᠤ ᠬᠠᠮᠲᠤ ᠶᠢᠨ ᠴᠢᠷᠮᠠᠶᠢᠯᠭ᠎ᠠ ᠶᠢᠨ ᠦᠷ᠎ᠡ ᠳ᠋ᠦᠩ ᠮᠥᠨ᠃      ᠬᠤᠷᠠᠯ ᠠᠴᠠ ᠲᠠᠷᠠᠭᠠᠴᠢ ᠶᠢᠨ ᠠᠯᠬᠤᠮ ᠤᠨ ᠠᠵᠢᠯ ᠤᠨ ᠭᠤᠤᠯᠳᠠᠯᠭ᠎ᠠ ᠶᠢ ᠳᠤᠷᠠᠳᠪᠠ᠄ ᠨᠢᠭᠡ ᠳᠤ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ᠃ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠨᠦᠭᠦᠳ ᠪᠠᠶᠢᠩᠭᠤᠵᠢᠭᠤᠯᠤᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠤᠷᠢᠶᠠᠯᠠᠯ ᠤᠨ ᠠᠳᠠᠯ ᠠᠬᠤᠶ ᠶᠢ ᠰᠢᠮᠳᠠᠭᠤᠯᠤᠨ ᠬᠥᠲᠥᠯᠦᠨ ᠵᠢᠯᠣᠭᠤᠳᠴᠤ᠂ ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠵᠦ᠂ ᠬᠤᠷᠢᠶᠠᠯᠠᠯ ᠤᠨ ᠳᠣᠲᠣᠷᠠᠬᠢ ᠴᠡᠪᠡᠷ ᠠᠷᠢᠭᠤᠨ ᠴᠡᠪᠡᠷ ᠰᠠᠶᠢᠨ ᠰᠠᠶᠢᠬᠠᠨ ᠪᠠᠶᠢᠳᠠᠯ ᠢ ᠢᠮᠠᠭᠲᠠ ᠪᠠᠲᠤᠯᠠᠬᠤ ᠬᠡᠷᠡᠭᠲᠡᠶ᠃ ᠬᠤᠶᠠᠷ ᠲᠤ ᠤᠬᠠᠭᠤᠯᠭ᠎ᠠ ᠪᠠᠨ ᠴᠢᠩᠭᠠᠳᠬᠠᠨ᠎ᠠ᠃ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠨᠢ ᠰᠠᠭᠤᠭᠠᠯᠢ ᠠᠷᠠᠳ ᠲᠤ ᠠᠰᠢᠭ ᠬᠦᠷᠲᠡᠭᠡᠬᠦ ᠶᠢ ᠢᠳᠡᠪᠬᠢᠲᠡᠶ ᠤᠬᠠᠭᠤᠯᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠺᠠᠳ᠋ᠷ ᠠᠵᠢᠯᠳᠠᠨ ᠠᠵᠢᠯᠴᠢᠨ ᠲᠠᠢ ᠬᠠᠮᠲᠤ ᠪᠠᠷ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠳᠤ ᠣᠷᠣᠯᠴᠠᠭᠤᠯᠬᠤ ᠬᠡᠷᠡᠭᠲᠡᠶ᠃ ᠭᠤᠷᠪᠠ ᠳᠤ ᠡᠯ᠎ᠡ ᠵᠦᠢᠯ ᠤᠨ ᠴᠠᠬᠢᠯᠭᠠᠨ ᠤᠲᠠᠰᠤᠨ ᠤ ᠡᠮᠬᠢ ᠵᠠᠮᠪᠠᠷᠠᠭ᠎ᠠ ᠦᠭᠡᠢ ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠬᠤ ᠠᠬᠢᠴᠠ ᠶᠢ ᠲᠦᠷᠭᠡᠳᠬᠡᠨ᠎ᠡ᠃ ᠴᠠᠬᠢᠯᠭᠠᠨ ᠤᠲᠠᠰᠤᠨ ᠤ ᠡᠮᠬᠢ ᠵᠠᠮᠪᠠᠷᠠᠭ᠎ᠠ ᠦᠭᠡᠢ ᠶᠢ ᠴᠡᠭᠴᠡᠯᠡᠨ ᠵᠠᠰᠠᠬᠤ ᠪᠣᠯ ᠨᠢᠭᠡ ᠵᠦᠢᠯ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢᠨ ᠴᠢᠬᠤᠯᠠ ᠡᠭᠦᠷᠭᠡ ᠮᠥᠨ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠠᠬᠢᠴᠠ ᠪᠠᠨ ᠲᠦᠷᠭᠡᠳᠬᠡᠵᠦ᠂  ᠴᠠᠬᠢᠯᠭᠠᠨ ᠤᠲᠠᠰᠤᠨ ᠤ ᠡᠮᠬᠢ ᠵᠠᠮᠪᠠᠷᠠᠭ᠎ᠠ ᠦᠭᠡᠢ ᠠᠰᠠᠭᠤᠳᠠᠯ ᠢ ᠡᠷᠲᠡᠬᠡᠨ ᠪᠡᠶᠡᠯᠡᠭᠦᠯᠬᠦ ᠬᠡᠷᠡᠭᠲᠡᠶ ᠭᠡᠪᠡ᠃      ᠬᠤᠷᠠᠯ ᠠᠴᠠ᠂ ᠡᠯ᠎ᠡ ᠨᠢᠭᠡᠴᠡ ᠶᠢᠨ ᠬᠢᠨ ᠠᠷᠠᠳ ᠤᠨ ᠲᠥᠯᠥᠭᠡ ᠡᠭᠦᠳᠦᠨ ᠪᠠᠶᠢᠭᠤᠯᠬᠤ᠂ ᠠᠷᠠᠳ ᠲᠤ ᠠᠰᠢᠭ ᠬᠦᠷᠲᠡᠭᠡᠬᠦ᠂ ᠪᠣᠯᠪᠠᠰᠤᠨ ᠬᠤᠲᠠ ᠡᠭᠦᠳᠦᠨ ᠪᠠᠶᠢᠭᠤᠯᠬᠤ ᠳᠤ ᠠᠷᠠᠳ ᠢ ᠲᠦᠰᠢᠭᠯᠡᠬᠦ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ᠬᠦᠴᠦᠨ ᠢ ᠲᠠᠶᠢᠴᠢᠯᠠᠵᠦ᠂ ᠤᠯᠠᠨ ᠲᠦᠮᠡᠨ ᠤ ᠤᠶᠤᠨ ᠤᠬᠠᠭᠠᠨ ᠢ ᠨᠢᠭᠲᠠᠷᠠᠭᠤᠯᠵᠤ᠂ ᠡᠯ᠎ᠡ ᠵᠦᠢᠯ ᠤᠨ ᠡᠭᠦᠳᠦᠨ ᠪᠠᠶᠢᠭᠤᠯᠬᠤ ᠡᠭᠦᠷᠭᠡ ᠶᠢ ᠨᠠᠷᠢᠨ ᠨᠠᠶᠢᠳᠠᠪᠤᠷᠢᠵᠢᠭᠤᠯᠵᠤ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠥᠷᠭᠡᠨ ᠤᠯᠠᠨ ᠲᠦᠮᠡᠨ ᠳᠤ ᠨᠡᠩ ᠤᠯᠠᠨ ᠨᠡᠩ ᠰᠠᠶᠢᠨ ᠡᠳ᠋ᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ