ᠬᠠᠪᠤᠷ ᠤᠨ ᠬᠤᠭᠤᠰ ᠤᠨ ᠵᠠᠩ ᠦᠢᠯᠡ᠄ ᠴᠠᠭ ᠢ ᠠᠶᠠᠯᠳᠠᠨ ᠬᠦᠳᠡᠯᠵᠦ ᠬᠠᠪᠤᠷ ᠤᠨ ᠲᠠᠷᠢᠶᠠᠯᠠᠭ᠎ᠠ ᠡᠬᠢᠯᠡᠨ᠎ᠡ
ᠨᠡᠶᠢᠲᠡᠯᠡᠭᠰᠡᠨ ᠴᠠᠭ᠄
2023/3/30
      ᠬᠠᠪᠤᠷ ᠤᠨ ᠬᠤᠭᠤᠰ ᠢ ᠨᠠᠮᠤᠷ ᠤᠨ ᠬᠤᠭᠤᠰ᠂ ᠡᠪᠦᠯ ᠤᠨ ᠲᠤᠶᠢᠯ᠂ ᠵᠣᠨ ᠤ ᠲᠤᠶᠢᠯ ᠲᠠᠢ ᠬᠠᠮᠲᠤ ︽ᠬᠤᠶᠠᠷ ᠬᠤᠭᠤᠰ ᠬᠤᠶᠠᠷ ᠲᠤᠶᠢᠯ︾ ᠭᠡᠳᠡᠭ᠂ ᠡᠨᠡ ᠪᠣᠯ ᠬᠤᠷᠢᠨ ᠳᠥᠷᠪᠡᠨ ᠴᠠᠭ ᠤᠯᠠᠷᠢᠯ ᠤᠨ ᠳᠣᠲᠣᠷᠠᠬᠢ ᠳᠥᠷᠪᠡᠨ ᠴᠢᠬᠤᠯᠠ ᠪᠡᠯᠭᠡ ᠲᠡᠮᠳᠡᠭ ᠤᠨ ᠴᠢᠨᠠᠷᠲᠠᠶ ᠴᠠᠭ ᠤᠯᠠᠷᠢᠯ ᠪᠣᠯᠣᠨ᠎ᠠ᠃ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠳᠤ᠂ ᠬᠤᠶᠠᠳᠤᠭᠠᠷ ᠰᠠᠷ᠎ᠠ ᠶᠢᠨ ᠳᠤᠮᠳᠠᠴᠢ ᠪᠣᠯᠣᠨ᠎ᠠ᠃ ᠬᠠᠭᠠᠰᠯᠠᠨ ᠬᠤᠪᠢᠶᠠᠨ᠎ᠠ᠂ ᠡᠭᠦᠨ ᠢ ᠶᠡᠷᠡᠨ ᠡᠳᠦᠷ ᠤᠨ ᠬᠠᠭᠠᠰ ᠭᠡᠨ᠎ᠡ᠂ ᠡᠶᠢᠮᠦ ᠠᠴᠠ ᠬᠤᠭᠤᠰ ᠭᠡᠨ᠎ᠡ ᠭᠡᠵᠦ ᠲᠡᠮᠲᠡᠭᠯᠡᠵᠦ ᠪᠠᠶᠢᠨ᠎ᠠ᠃      ᠬᠠᠪᠤᠷ ᠤᠨ ᠬᠤᠭᠤᠰ ᠤᠨ ᠦᠶ᠎ᠡ ᠳᠤ ᠪᠠᠶᠢᠭᠠᠯᠢ ᠶᠢᠷᠲᠢᠨᠴᠦ ᠶᠢᠨ ᠬᠤᠪᠢᠷᠠᠯᠲᠠ ᠶᠢᠨ ᠢᠯᠡᠷᠡᠯ ᠨᠢ ᠡᠳᠦᠷ ᠰᠥᠨᠢ ᠶᠢᠨ ᠣᠷᠳᠣ ᠨᠢ ᠠᠳᠠᠯᠢ ᠪᠣᠯᠣᠨ᠎ᠠ᠂ ᠡᠷᠲᠡᠨ ᠤ ᠪᠢᠴᠢᠭ ᠮᠠᠲ᠋ᠧᠷᠢᠶᠠᠯ ᠳᠤ᠂ ᠬᠠᠪᠤᠷ ᠤᠨ ᠬᠤᠭᠤᠰ ᠤᠨ ᠦᠶ᠎ᠡ ᠳᠤ ᠭᠡᠭᠡᠨ ᠬᠠᠷᠠᠩᠭᠤᠢ ᠬᠠᠭᠠᠰᠯᠠᠵᠤ ᠬᠤᠪᠢᠶᠠᠭᠳᠠᠨ᠎ᠠ᠂ ᠡᠶᠢᠮᠦ ᠠᠴᠠ ᠡᠳᠦᠷ ᠰᠥᠨᠢ ᠲᠡᠩᠴᠡᠬᠦᠦ ᠪᠤᠯᠵᠤ ᠬᠦᠢᠲᠡᠨ ᠬᠠᠯᠠᠭᠤᠨ ᠲᠡᠭᠰᠢ ᠪᠣᠯᠣᠨ᠎ᠠ ᠭᠡᠵᠦ ᠲᠡᠮᠲᠡᠭᠯᠡᠵᠦ ᠪᠠᠶᠢᠨ᠎ᠠ᠃ ᠡᠨᠡ ᠪᠣᠯ ᠬᠠᠪᠤᠷ ᠤᠨ ᠬᠤᠭᠤᠰ ᠤᠨ ᠬᠠᠮᠤᠭ ᠤᠨ ᠶᠡᠭᠡ ᠣᠨᠴᠠᠯᠢᠭ ᠪᠣᠯᠣᠨ᠎ᠠ᠃ ᠡᠶᠢᠮᠦ ᠬᠡᠭᠡᠨ ᠬᠠᠷᠠᠩᠭᠤᠢ ᠬᠠᠭᠠᠰᠯᠠᠬᠤ ᠡᠳᠦᠷ ᠵᠢᠯ ᠪᠦᠷᠢ ᠬᠤᠶᠠᠷ ᠪᠠᠢᠳᠠᠭ᠂ ᠨᠢᠭᠡ ᠨᠢ ᠬᠠᠪᠤᠷ ᠤᠨ ᠬᠤᠭᠤᠰ᠂ ᠨᠢᠭᠡ ᠨᠢ ᠨᠠᠮᠤᠷ ᠤᠨ ᠬᠤᠭᠤᠰ ᠪᠣᠯᠣᠨ᠎ᠠ᠂ ᠡᠶᠢᠮᠦ ᠠᠴᠠ ︽ᠬᠠᠪᠤᠷ ᠨᠠᠮᠤᠷ ᠤᠨ ᠬᠤᠭᠤᠰ ᠡᠳᠦᠷ ᠰᠥᠨᠢ ᠶᠢ ᠰᠠᠴᠠᠭᠤ ᠬᠤᠪᠢᠶᠠᠨ᠎ᠠ︾ ᠭᠡᠳᠡᠭ ᠬᠡᠯᠡᠯᠭᠡ ᠪᠠᠶᠢᠳᠠᠭ᠃      ᠬᠠᠪᠤᠷ ᠤᠨ ᠬᠤᠭᠤᠰ ᠲᠤ ᠭᠤᠷᠪᠠᠨ ᠴᠠᠭ ᠤᠯᠠᠷᠢᠯ ᠪᠤᠢ᠂ ᠨᠢᠭᠡᠳᠦᠭᠡᠷ ᠴᠠᠭ ᠤᠯᠠᠷᠢᠯ ᠳᠤ ᠬᠠᠷᠢᠶᠠᠴᠠᠢ ᠢᠷᠡᠨ᠎ᠡ᠂ ᠬᠤᠶᠠᠳᠤᠭᠠᠷ ᠴᠠᠭ ᠤᠯᠠᠷᠢᠯ ᠳᠤ ᠲᠡᠭᠷᠢ ᠳᠤᠤᠭᠠᠷᠤᠨ᠎ᠠ᠂ ᠭᠤᠷᠪᠠᠳᠤᠭᠠᠷ ᠴᠠᠭ ᠤᠯᠠᠷᠢᠯ ᠳᠤ ᠴᠠᠬᠢᠯᠭᠠᠨ ᠴᠠᠬᠢᠯᠠᠨ᠎ᠠ᠃ ᠬᠠᠪᠤᠷ ᠤᠨ ᠬᠤᠭᠤᠰ ᠪᠣᠯ ᠬᠠᠪᠤᠷ ᠤᠨ ᠠᠶᠤᠩᠭ᠎ᠠ ᠪᠠ ᠴᠠᠬᠢᠯᠭᠠᠨ ᠴᠠᠬᠢᠯᠬᠤ ᠳᠠᠪᠬᠤᠴᠠᠬᠰᠠᠨ ᠴᠠᠭ ᠤᠯᠠᠷᠢᠯ ᠪᠣᠯᠣᠨ᠎ᠠ᠂ ᠬᠠᠷᠢᠶᠠᠴᠠᠢ ᠡᠮᠦᠨᠡᠲᠦ ᠣᠷᠣᠨ ᠠᠴᠠ ᠨᠢᠰᠦᠨ ᠢᠷᠡᠵᠦ᠂ ᠭᠡᠷ ᠤᠨ ᠰᠠᠷᠠᠪᠴᠢᠨ ᠳᠤ ᠡᠭᠦᠷ ᠪᠠᠷᠢᠭᠠᠳ ᠬᠤᠶᠢᠴᠢ ᠦᠶ᠎ᠡ ᠪᠠᠨ ᠦᠷᠡᠵᠢᠭᠦᠯᠦᠨ᠎ᠡ᠃      ︽ᠬᠠᠷᠢᠶᠠᠴᠠᠶ ᠪᠤᠯ ᠡᠷᠲᠡᠨ ᠤ ᠶᠢᠨ ᠱᠠᠩ ᠦᠨᠳᠦᠰᠦᠲᠡᠨ ᠤ ᠲᠣᠲ᠋ᠧᠮ ᠪᠣᠯᠣᠨ᠎ᠠ︾ ᠭᠡᠵᠦ ᠬᠥᠬᠡᠬᠤᠲᠠ ᠶᠢᠨ ᠵᠠᠩ ᠥᠢᠯᠨ ᠶᠢᠨ ᠡᠷᠳᠡᠮᠲᠡᠨ ᠭᠤᠤ ᠶᠢᠨ ᠭᠦᠢ ᠬᠡᠯᠡᠵᠦ  ᠪᠠᠶᠢᠯ᠎ᠠ᠂ ᠰᠤᠨᠤᠰᠤᠯᠲᠡ ᠪᠠᠷ᠂ ᠶᠢᠨ ᠱᠠᠩ ᠤᠨ ᠳᠡᠭᠡᠳᠦᠰ ᠴᠢ ᠶᠢᠨ ᠡᠵᠢ ᠨᠢ ᠵᠢᠶᠠᠨ ᠳ᠋ᠢ ᠬᠠᠷᠢᠶᠠᠴᠠᠢ ᠶᠢᠨ ᠥᠨᠳᠡᠭᠡ ᠶᠢ ᠵᠠᠯᠭᠢᠭᠠᠳ ᠵᠢᠷᠮᠦᠰᠦᠯᠡᠭᠰᠡᠨ ᠭᠡᠨ᠎ᠡ᠃ ᠡᠶᠢᠮᠦ ᠠᠴᠠ ᠶᠢᠨᠴᠦᠳ ᠬᠠᠷᠢᠶᠠᠴᠠᠶ ᠶᠢ ᠥᠯᠵᠡᠢ ᠪᠡᠯᠭᠡ ᠪᠠ ᠦᠷᠡᠵᠢᠯ ᠲᠠᠢ ᠬᠤᠯᠪᠣᠵᠤ᠂ ᠵᠢᠯ ᠪᠦᠷᠢ ᠶᠢᠨ ᠪᠢᠯᠢᠭ ᠤᠨ ᠤᠯᠠᠷᠢᠯ ᠤᠨ ᠬᠤᠶᠠᠷ ᠰᠠᠷ᠎ᠠ ᠶᠢᠨ ᠬᠠᠷᠢᠶᠠᠴᠠᠢ ᠬᠦᠷᠴᠦ ᠢᠷᠡᠬᠦ ᠦᠶ᠎ᠡ ᠳᠤ ᠦᠷᠡᠵᠢᠯ ᠤᠨ ᠰᠠᠬᠢᠭᠤᠯᠰᠤᠨ ᠢ ᠦᠪᠡᠳᠡᠭᠰᠢ ᠶᠡᠭᠡ ᠪᠠᠷ ᠳᠠᠭᠢᠵᠤ᠂ ᠬᠥᠮᠦᠨ ᠠᠮᠠ ᠶᠢᠨ ᠦᠷᠡᠵᠢᠯ ᠢ ᠨᠢ ᠢᠪᠡᠭᠡᠬᠦ ᠪᠣᠯᠲᠤᠭᠠᠢ ᠬᠡᠮᠡᠨ ᠵᠠᠯᠪᠠᠷᠢᠨ ᠲᠠᠭᠠᠳᠬᠠᠳᠠᠭ᠃      ᠬᠦᠢᠳᠡᠨ ᠡᠭᠡᠵᠦ ᠬᠠᠯᠠᠭᠤᠨ ᠢᠷᠡᠵᠦ᠂ ᠲᠦᠷᠪᠡᠨ ᠤᠯᠠᠷᠢᠯ ᠡᠭᠡᠯᠵᠢᠯᠡᠨ᠎ᠡ᠂ ᠡᠷᠲᠡᠨ ᠤ ᠬᠥᠮᠦᠰ ᠪᠣᠳᠠᠲᠤ ᠠᠮᠢᠳᠤᠷᠠᠯ ᠳᠤᠮᠳᠠ ᠪᠠᠨ ᠨᠢᠭᠡ ᠵᠢᠯ ᠤᠨ ᠤᠯᠠᠷᠢᠯ ᠤᠨ ᠦᠶᠡᠯᠡᠯ ᠤᠨ ᠴᠢᠨᠠᠷᠲᠠᠢ ᠬᠤᠪᠢᠷᠠᠯᠲᠠ ᠶᠢᠨ ᠣᠨᠴᠠᠯᠢᠭ ᠢ ᠠᠯᠢ ᠡᠷᠲᠡ ᠣᠶᠢᠯᠠᠭᠠᠭᠰᠠᠨ ᠪᠠᠶᠢᠳᠠᠭ᠃ ᠳᠡᠲᠡ ᠬᠤᠪᠢᠷᠠᠯᠲᠠ ᠶᠢ ᠦᠨᠳᠦᠰᠦᠯᠡᠨ᠂ ᠴᠠᠭ ᠢ ᠠᠶᠠᠯᠳᠠᠨ ᠬᠦᠳᠡᠯᠵᠦ᠂ ᠤᠯᠠᠷᠢᠯ ᠢ ᠲᠠᠭᠠᠨ ᠠᠵᠢᠯᠯᠠᠵᠤ᠂ ᠡᠭᠡ ᠪᠠᠶᠢᠭᠠᠯᠢ ᠲᠠᠢ ᠡᠶ᠎ᠡ ᠵᠣᠬᠢᠴᠠᠩᠭᠤᠢ ᠬᠠᠮᠲᠤ ᠣᠷᠣᠰᠢᠭᠰᠠᠭᠠᠷ ᠢᠷᠡᠵᠡᠢ᠃  ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ  ᠭᠤᠤ ᠷᠦᠢ ᠹᠧᠩ
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ