ᠦᠴᠦᠸᠠᠨ ᠰᠢᠶᠠᠨ᠄ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠶ᠎ᠠ
ᠨᠡᠶᠢᠲᠡᠯᠡᠭᠰᠡᠨ ᠴᠠᠭ᠄
2023/3/31
20230331.jpg
      ᠲᠦᠷᠦᠭᠦᠬᠡᠨ᠂ ᠦᠴᠦᠸᠠᠨ ᠰᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ︽ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾ ᠤᠬᠠᠭᠤᠯᠤᠨ ᠲᠠᠶᠢᠯᠪᠤᠷᠢᠯᠠᠬᠤ ᠵᠢᠱᠢᠶ᠎ᠡ ᠦᠵᠡᠭᠦᠯᠬᠦ ᠪᠦᠯᠬᠦᠮ ᠤᠨ ᠠᠩᠬᠠᠳᠤᠭᠠᠷ ᠤᠳᠠᠭᠠᠨ ᠤ ᠮᠡᠳᠡᠭᠦᠯᠦᠯᠲᠡ ᠶᠢᠨ ᠬᠤᠷᠠᠯ ᠬᠢᠪᠡ᠃      ᠠᠵᠢᠯᠯᠠᠭ᠎ᠠ ᠳᠤᠮᠳᠠ᠂ ᠰᠢᠶᠠᠩ ᠪᠠᠯᠭᠠᠰᠤᠨ ᠤ ᠤᠬᠠᠭᠤᠯᠬᠤ ᠭᠡᠰᠢᠭᠦᠨ᠂ ᠳᠤᠮᠳᠠᠳᠤ ᠰᠤᠷᠭᠠᠭᠤᠯᠢ ᠶᠢᠨ ᠪᠠᠭᠰᠢ᠂ ᠲᠣᠰᠬᠤᠨ ᠤ ᠨᠠᠮ ᠤᠨ ᠡᠭᠦᠷ ᠤᠨ ᠱᠦᠵᠢ ᠵᠡᠷᠭᠡ ᠠᠳᠠᠯᠢ ᠪᠤᠰᠤ ᠠᠵᠢᠯ ᠲᠦᠷᠦᠯ ᠤᠨ ᠤᠬᠠᠭᠤᠯᠤᠨ ᠲᠠᠶᠢᠯᠪᠤᠷᠢᠯᠠᠭᠴᠢ ᠲᠤᠰ ᠲᠤᠰ ᠶᠠᠷᠢᠶᠠᠨ ᠤ ᠲᠠᠪᠴᠠᠩ ᠳᠤ ᠭᠠᠷᠴᠤ᠂ ᠠᠵᠢᠯ ᠰᠤᠷᠤᠯᠴᠠᠯᠭ᠎ᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠡᠶ᠎ᠡ ᠪᠠᠷ ᠢᠶᠠᠨ ᠣᠷᠣᠯᠴᠠᠵᠤ᠂ ᠥᠪᠡᠷ ᠥᠪᠡᠷ ᠤᠨ ᠥᠪᠡᠷᠮᠢᠴᠡ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠪᠠᠷ ︽ᠪᠠᠭ᠎ᠠ ᠣᠭᠲᠣᠯᠠᠭᠠᠰᠤ︾ ᠪᠠᠷ ᠳᠠᠮᠵᠢᠨ ︽ᠶᠡᠭᠡ ᠭᠤᠣᠯ ᠰᠡᠳᠦᠪ︾ ᠢ ᠶᠠᠷᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠠᠢ᠃ ᠰᠤᠷᠪᠤᠯᠵᠢᠯᠠᠭᠴᠢ ᠶᠦᠨ ᠶᠠᠨ ᠹᠠᠩ ᠴᠢᠮᠡᠭᠡᠯᠡᠭᠴᠢ ᠶᠠᠩ ᠷᠦᠢ ᠶᠢᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ