ᠢᠦᠶ ᠴᠢᠤᠸᠠᠨ ᠲᠣᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/31
      3 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠢᠦᠶ ᠴᠢᠤᠸᠠᠨ ᠲᠣᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠶᠦᠩ ᠬᠤᠩ ᠬᠤᠷᠠᠯ ᠡᠷᠭᠢᠯᠡᠵᠦ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 24 ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠷᠠᠯ ᠳᠤ ᠣᠷᠣᠯᠴᠠᠭᠰᠠᠨ ᠬᠥᠮᠦᠨ ᠤ ᠲᠤᠭ᠎ᠠ ᠨᠢ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠢ ᠹᠧᠩ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠴᠢᠶᠣᠤ ᠬᠠᠢ ᠪᠢᠶᠤᠤ ᠬᠤᠷᠠᠯ ᠳᠤ ᠰᠤᠯᠠ ᠣᠷᠣᠯᠴᠠᠵᠤ᠂ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠮᠢᠯᠠᠨ ᠰᠠᠭᠤᠯᠭᠠᠬᠤ ᠳᠤᠭᠤᠶᠢᠯᠠᠩ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
微信图片_20230330092702.jpg
      ᠬᠤᠷᠠᠯ ᠠᠴᠠ ︽ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠢᠦᠢ ᠴᠢᠤᠸᠠᠨ ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ︵2021 — 2035 ᠣᠨ︶︾ ᠶᠢᠨ ᠲᠣᠳᠣᠷᠬᠠᠶᠢᠯᠠᠯᠲᠠ ᠶᠢ ᠰᠣᠨᠣᠰᠪᠠ᠃ ︽ᠢᠦᠶ ᠴᠢᠤᠸᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ 2022 ᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠰᠣᠨᠣᠰᠤᠨ ᠬᠢᠨᠠᠨ ᠶᠠᠷᠢᠯᠴᠠᠵᠤ᠂ ︽ᠢᠦᠶ ᠴᠢᠤᠸᠠᠨ ᠲᠣᠭᠤᠷᠢᠭ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2021 — 2035 ᠣᠨ︶ ᠶᠢᠨ ᠰᠢᠢᠳᠪᠦᠷᠢ ᠶᠢᠨ ᠲᠥᠰᠦᠯ ᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠬᠦ ᠲᠤᠬᠠᠶ ᠢᠦᠶ ᠴᠢᠤᠸᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠥᠪᠯᠡᠯᠭᠡ︾ ︽ᠢᠦᠶ ᠴᠢᠤᠸᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2023 ᠣᠨ ᠤ ᠠᠵᠢᠯ ᠤᠨ ᠭᠤᠤᠯᠳᠠᠯᠭ᠎ᠠ ᠶᠢᠨ ᠲᠥᠰᠦᠯ ᠤᠨ ᠵᠥᠪᠯᠡᠯᠭᠡ︾ ᠶᠢ ᠬᠢᠨᠠᠨ ᠶᠠᠷᠢᠯᠴᠠᠵᠤ ᠪᠠᠲᠤᠯᠠᠪᠠ᠃      ᠬᠤᠷᠠᠯ ᠠᠴᠠ ᠠᠵᠢᠯᠲᠠᠨ ᠢ ᠲᠣᠮᠢᠯᠠᠵᠤ ᠪᠠᠭᠤᠯᠭᠠᠬᠤ ᠶᠠᠪᠤᠳᠠᠯ ᠢ ᠪᠠᠲᠤᠯᠠᠪᠠ᠃      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠵᠠᠢ᠃
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ