ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠪᠣᠯᠪᠠᠰᠣᠨ ᠬᠤᠲᠠ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2023/3/31
 3.31县委副书记1.jpg   
      3 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ  ᠰᠢᠮᠳᠠᠭᠤᠯᠤᠨ ᠵᠢᠯᠤᠭᠤᠳᠪᠠ᠃ ᠵᠡᠭᠦᠨ ᠵᠡᠭᠡᠯᠢ ᠶᠢᠨ ᠭᠤᠣᠯ ᠴᠡᠴᠡᠷᠯᠢᠭ ᠲᠤ᠂ ᠴᠡᠭ ᠪᠠᠶᠢᠷᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠬᠤᠯᠪᠣᠭᠳᠠᠯ ᠪᠥᠬᠦᠶ ᠨᠢᠭᠡᠴᠡ ᠶᠢ ᠴᠡᠴᠡᠷᠯᠢᠭ ᠤᠨ ᠠᠭᠤᠳᠠᠮ ᠲᠠᠯᠠᠪᠠᠶ ᠳᠠᠬᠢ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠴᠡᠴᠡᠷᠯᠢᠭ ᠤᠨ ᠰᠠᠶᠢᠨ ᠰᠠᠶᠢᠬᠠᠨ ᠳᠦᠷᠢ ᠲᠥᠷᠬᠦ ᠶᠢ ᠦᠨᠡᠨ ᠬᠦ ᠬᠠᠮᠠᠭᠠᠯᠠᠬᠤ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠬᠤᠲᠠ ᠪᠠᠶᠢᠭᠤᠯᠬᠤ ᠠᠵᠢᠯ ᠳᠤ ᠤᠬᠠᠮᠰᠠᠷ ᠠᠴᠠ ᠪᠠᠨ ᠣᠷᠣᠯᠴᠠᠭᠤᠯᠬᠤ ᠬᠡᠷᠡᠭᠲᠡᠶ ᠭᠡᠵᠦ ᠱᠠᠭᠠᠷᠳᠠᠪᠠ᠃
3.31县委副书记2.jpg
      ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ᠂ ᠭᠤᠤ ᠹᠧᠩ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠵᠠᠬ᠎ᠠ ᠳᠡᠯᠭᠡᠭᠦᠷ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠢ ᠪᠣᠳᠠᠲᠠᠢ ᠭᠠᠵᠠᠷ ᠲᠤᠨᠢ ᠪᠠᠶᠢᠴᠠᠭᠠᠨ ᠦᠵᠡᠪᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠳᠠᠰᠤᠷᠠᠯᠳᠠ ᠦᠬᠡᠢ ᠪᠠᠲᠤᠳᠬᠠᠵᠤ᠂ ᠬᠠᠮᠢᠶᠠᠷᠤᠯᠲᠠ ᠶᠢᠨ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠᠯᠳᠤᠭᠠᠨ ᠤ ᠡᠷᠦᠬᠡ ᠶᠢᠨ ᠪᠣᠯᠪᠠᠰᠤᠨ᠂ ᠵᠢᠷᠤᠮᠵᠢᠯ ᠲᠠᠢ ᠡᠵᠡᠩᠨᠡᠯᠲᠡ ᠶᠢ ᠬᠦᠳᠦᠯᠦᠨ ᠵᠢᠯᠣᠭᠤᠳᠬᠤ ᠬᠡᠷᠡᠭᠲᠡᠢ᠃ ᠡᠭᠦᠨ ᠤ ᠬᠠᠮᠲᠤ᠂ ᠵᠠᠬ᠎ᠠ ᠳᠡᠯᠭᠡᠭᠦᠷ ᠤᠨ ᠡᠷᠬᠢᠨ ᠲᠣᠭᠤᠷᠢᠨ ᠤ ︽ᠠᠭᠠᠷ ᠲᠠᠬᠢ ᠤᠲᠠᠰᠤ ᠲᠤᠤᠷ︾ ᠲᠤ ᠴᠢᠭᠯᠡᠭᠦᠯᠦᠨ ᠴᠡᠭᠴᠡᠯᠡᠨ ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ︽ᠠᠭᠠᠯᠵᠢᠨ ᠲᠣᠤᠷ︾ ᠢ ︽ᠭᠤᠶᠢᠳᠠ ᠰᠠᠶᠢᠬᠠᠨ ᠱᠤᠭᠤᠮ︾ ᠪᠣᠯᠭᠠᠨ ᠬᠤᠪᠢᠷᠠᠭᠤᠯᠵᠤ᠂ ᠥᠷᠭᠡᠨ ᠣᠯᠠᠨ ᠲᠦᠮᠡᠨ ᠳᠤ ᠠᠮᠤᠷ ᠲᠦᠪᠰᠢᠨ᠂ ᠠᠷᠢᠭᠤᠨ ᠴᠡᠪᠡᠷ᠂ ᠲᠠᠭᠠᠯᠠᠮᠵᠢᠲᠠᠶ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ ᠭᠡᠵᠦ ᠱᠠᠭᠠᠷᠳᠠᠪᠠ᠃      ᠭᠤᠸᠠᠩᠰᠢᠶᠠ ᠰᠠᠭᠤᠭᠠᠯᠢ ᠠᠷᠠᠳ ᠤᠨ ᠲᠣᠭᠤᠷᠢᠭ ᠤᠨ B ᠲᠣᠭᠤᠷᠢᠭ ᠲᠤ᠂ ᠭᠤᠤ ᠹᠧᠩ ᠰᠠᠭᠤᠭᠠᠯᠢ ᠠᠷᠠᠳ ᠤᠨ ᠲᠣᠭᠤᠷᠢᠭ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠪᠣᠯᠤᠨ ᠡᠷᠡᠭᠦᠯ ᠬᠠᠮᠠᠭᠠᠯᠠᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠳᠠᠭᠠᠭᠤᠯᠢ ᠣᠳᠣᠨ ᠲᠧᠯᠸᠢᠰ ᠤᠨ ᠭᠥᠯᠢᠶᠡᠨ ᠠᠪᠤᠭᠴᠢ ᠶᠢ ᠵᠢᠷᠤᠮᠵᠢᠭᠤᠯᠤᠨ ᠬᠠᠮᠢᠶᠠᠷᠬᠤ ᠶᠢ ᠴᠢᠩᠳᠠᠯᠠᠵᠤ᠂ ᠲᠣᠭᠲᠠᠭᠠᠯ ᠠᠴᠠ ᠵᠥᠷᠢᠴᠡᠨ ᠤᠭᠰᠠᠷᠠᠬᠤ ᠠᠵᠢᠯᠯᠠᠭ᠎ᠠ ᠳᠤ ᠡᠷᠡᠰ ᠴᠣᠬᠢᠯᠲᠠ ᠥᠭᠬᠦ ᠬᠡᠷᠡᠭᠲᠡᠶ ᠭᠡᠵᠦ ᠱᠠᠭᠠᠷᠳᠠᠪᠠ᠃ ᠰᠠᠭᠤᠭᠠᠯᠢ ᠠᠷᠠᠳ ᠤᠨ ᠲᠣᠭᠤᠷᠢᠭ ᠤᠨ ᠡᠷᠬᠢᠨ ᠲᠣᠭᠤᠷᠢᠨ ᠤ ︽ᠲᠡᠷᠭᠡ ᠵᠣᠭᠰᠣᠭᠠᠬᠤ ᠳᠤ ᠬᠦᠴᠢᠷ︾ ᠠᠰᠠᠭᠤᠳᠠᠯ ᠳᠤ ᠴᠢᠭᠯᠡᠭᠦᠯᠦᠨ᠂ ᠭᠤᠤ ᠹᠧᠩ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠣᠨᠴᠠᠭᠠᠶᠢᠯᠠᠨ ᠰᠠᠨᠠᠭᠤᠯᠤᠭᠰᠠᠨ ᠨᠢ᠂ ᠲᠡᠷᠭᠡ ᠵᠣᠭᠰᠣᠬᠤ ᠭᠠᠵᠠᠷ ᠢ ᠳᠠᠷᠤᠶ ᠲᠦᠷᠭᠡᠨ ᠵᠦᠶ ᠵᠣᠬᠢᠰᠲᠠᠶ ᠲᠥᠯᠥᠪᠵᠢᠭᠦᠯᠵᠦ᠂ ᠠᠷᠠᠳ ᠤᠨ ᠬᠦᠰᠡᠯ ᠱᠠᠭᠠᠷᠳᠠᠯᠭ᠎ᠠ ᠲᠠᠢ᠂ ᠵᠠᠰᠠᠭ ᠤᠨ ᠶᠠᠪᠤᠳᠠᠯ ᠢ ᠠᠷᠭᠠᠴᠠᠭᠠᠬᠤ ᠶᠢ ᠪᠡᠶᠡᠯᠡᠭᠦᠯᠬᠦ ᠬᠡᠷᠡᠭᠲᠡᠶ᠃ ᠡᠭᠦᠨ ᠤ ᠵᠡᠷᠭᠡ ᠳᠤ᠂ ᠳᠠᠭᠠᠭᠠᠴᠢᠯᠠᠨ ᠬᠤᠯᠪᠤᠭᠠᠯᠠᠭᠰᠠᠨ ᠨᠢᠭᠡᠴᠡ ᠪᠣᠯᠤᠨ ᠠᠳᠠᠯ ᠠᠬᠤᠶ ᠶᠢᠨ ᠬᠢᠨ ᠴᠦ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠰᠠᠷ ᠤᠨ ᠬᠤᠩᠭᠢᠯ ᠤᠨ ᠠᠷᠢᠭᠤᠨ ᠴᠡᠪᠡᠷ ᠢ ᠪᠠᠲᠤᠯᠠᠬᠤ ᠬᠡᠷᠡᠭᠲᠡᠶ᠃ ᠰᠠᠭᠤᠭᠠᠯᠢ ᠠᠷᠠᠳ ᠤᠨ ᠲᠣᠭᠤᠷᠢᠭ ᠤᠨ ᠤᠯᠠᠨ ᠨᠡᠶᠢᠲᠡ ᠶᠢᠨ ᠣᠷᠣᠨ ᠵᠠᠢ ᠶᠢ ᠭᠦᠢᠴᠡᠳ ᠠᠰᠢᠭᠯᠠᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠵᠡᠷᠭᠡ ᠤᠯᠠᠨ ᠨᠡᠶᠢᠲᠡ ᠶᠢᠨ ᠲᠥᠬᠦᠭᠡᠷᠦᠮᠵᠢ ᠶᠢ ᠵᠣᠬᠢᠰᠲᠠᠢ ᠲᠥᠯᠥᠪᠵᠢᠭᠦᠯᠦᠨ ᠲᠤᠬᠢᠷᠠᠭᠤᠯᠵᠤ᠂ ᠣᠷᠣᠨ ᠰᠠᠭᠤᠴᠠ ᠶᠢᠨ ᠣᠷᠴᠢᠨ ᠲᠣᠭᠤᠷᠢᠨ ᠢ ᠲᠠᠰᠤᠷᠠᠯᠳᠡ ᠦᠭᠡᠢ ᠰᠠᠶᠢᠵᠢᠷᠠᠭᠤᠯᠵᠤ᠂ ᠤᠯᠠᠨ ᠲᠦᠮᠡᠨ ᠢ ᠰᠡᠳᠬᠢᠯ ᠠᠭᠤᠵᠢᠷᠠᠭᠤᠯᠵᠤ᠂ ᠪᠠᠶᠠᠷ ᠪᠠᠶᠠᠰᠬᠤᠯᠠᠩ ᠲᠠᠢ ᠠᠮᠢᠳᠤᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠣᠳᠣᠯᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠸᠢᠴᠠᠲ ᠲᠠᠪᠴᠠᠩ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ