ᠪᠦᠬᠦ ᠬᠤᠲᠠ ᠶᠢᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/6
      ︵ᠰᠤᠷᠪᠤᠯᠵᠢᠯᠠᠭᠴᠢ ᠮᠢᠶᠣᠣ ᠰᠢᠨ︶ 3 ᠳ᠋ᠤᠭᠠᠷ ᠰᠠᠷ᠎ᠠ ᠶᠢᠨ 4 ᠤ ᠡᠳᠦᠷ᠂ ᠪᠦᠬᠦ ᠬᠤᠳᠠ ᠶᠢᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠠᠬᠢᠭᠤᠯᠬᠤ ᠬᠤᠷᠠᠯ ᠬᠤᠷᠠᠯᠳᠤᠪᠠ᠃     ᠬᠤᠲᠠ ᠶᠢᠨ ᠤᠳᠤᠷᠢᠳᠤᠯᠭ᠎ᠠ ᠶᠦᠨ ᠰᠢᠨ ᠮᠢᠩ ᠬᠤᠷᠠᠯ ᠳᠤ ᠣᠷᠣᠯᠴᠠᠪᠠ᠃      ᠬᠤᠷᠠᠯ ᠠᠴᠠ ᠡᠨᠡ ᠵᠢᠯ ᠤᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠭᠤᠣᠯᠳᠠᠯᠭ᠎ᠠ ᠲᠠᠢ ᠠᠵᠢᠯ ᠢ ᠲᠥᠪᠯᠡᠷᠡᠭᠦᠯᠦᠨ ᠰᠠᠶᠢᠲᠤᠷ ᠠᠳᠬᠤᠬᠤ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠦᠷᠢᠮ ᠲᠣᠭᠲᠠᠴᠠ ᠶᠢ ᠪᠦᠷᠢᠨᠰᠢᠭᠦᠯᠵᠦ᠂ ᠡᠯ᠎ᠡ ᠵᠦᠢᠯ ᠤᠨ ᠠᠵᠢᠯ ᠤᠨ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠢ᠃ ᠡᠭᠦᠷᠭᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠬᠤ ᠴᠠᠭ ᠢ ᠠᠮᠵᠢᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ