ᠬᠤᠷᠢᠨᠭᠡᠷ ᠰᠢᠶᠠᠨ ᠪᠦᠬᠦ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/7
3.7和林格尔县召开全县生态环境保护重点工作推进会.jpg
      ᠣᠶᠢᠷ᠎ᠠ ᠳᠤ᠂ ᠰᠢᠶᠠᠨ ᠤ ᠳᠡᠳ᠋ ᠳᠠᠷᠤᠭ᠎ᠠ ᠳ᠋ᠦ᠋ ᠰᠢᠶᠤᠤ ᠭᠤᠸᠠᠩ ᠪᠥᠬᠦ ᠰᠢᠶᠠᠨ ᠤ ᠠᠮᠢ ᠠᠬᠤᠶ ᠣᠷᠴᠢᠨ ᠠᠬᠤᠶ ᠶᠢᠨ ᠬᠠᠮᠠᠭᠠᠯᠠᠯᠲᠠ ᠶᠢᠨ ᠭᠤᠤᠯᠳᠠᠯᠭ᠎ᠠ ᠲᠠᠢ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠨᠢᠭᠡᠴᠡ᠂ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠬᠡᠷ ᠤᠨ ᠪᠡᠯᠡᠳᠬᠡᠯ ᠳᠤᠭᠤᠶᠢᠯᠠᠩ ᠤᠨ ᠭᠤᠤᠯ ᠤᠳᠤᠷᠢᠳᠤᠯᠭ᠎ᠠ ᠬᠤᠷᠠᠯ ᠳᠤ ᠣᠷᠣᠯᠴᠠᠵᠠᠶ᠃       ᠬᠤᠷᠠᠯ ᠠᠴᠠ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠢ ᠤᠯᠠᠮᠵᠢᠯᠠᠨ ᠰᠤᠷᠤᠯᠴᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠮᠢ ᠠᠬᠤᠢ ᠶᠢᠨ ᠣᠷᠴᠢᠨ ᠠᠮᠢ ᠠᠬᠤᠶ ᠶᠢᠨ ᠣᠷᠴᠢᠨ ᠲᠣᠭᠤᠷᠢᠨ ᠤ ᠶᠠᠮᠤᠨ ᠵᠡᠷᠭᠡ 18 ᠰᠠᠯᠠᠭ᠎ᠠ ᠮᠥᠴᠢᠷ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠶᠢ ᠠᠬᠢᠭᠤᠯᠬᠤ ᠲᠤᠬᠠᠶ ᠰᠠᠨᠠᠯ︾ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠬᠠᠤᠯᠢ ᠴᠠᠭᠠᠵᠠ ᠶᠢᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ︽︿ᠬᠤᠰᠢᠭᠤ ᠰᠢᠶᠠᠨ ᠲᠣᠭᠤᠷᠢᠭ ︵ᠬᠤᠲᠠ᠂ ᠲᠣᠭᠤᠷᠢᠭ︶ ᠤᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠢᠭᠡᠳ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠵᠢᠯᠣᠭᠤᠳᠬᠤ ᠭᠠᠷᠴᠠᠭ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ︔ ︽ᠬᠤᠷᠢᠨᠭᠡᠷ ᠰᠢᠶᠠᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ︽ᠬᠠᠶᠠᠭᠳᠠᠯ ᠥᠬᠡᠶ ᠬᠤᠲᠠ︾ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠨ᠎ᠡ︔ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠪᠦᠬᠦ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠳᠤᠪᠤᠶᠢᠮ᠎ᠠ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠬᠦ ᠬᠡᠷᠡᠭᠲᠡᠢ᠃ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠡᠷᠡᠰ ᠰᠠᠶᠢᠲᠤᠷ ᠠᠳᠬᠤᠵᠤ᠂ ᠦᠯᠡᠳᠡᠭᠰᠡᠨ ᠡᠰᠢ ᠰᠦᠷᠡᠯ ᠢ ᠪᠣᠭᠤᠵᠢᠯᠠᠬᠤ᠂ ᠲᠠᠷᠢᠶᠠᠨ ᠭᠠᠵᠠᠷ ᠠᠴᠠ ᠰᠠᠯᠭᠠᠬᠤ᠂ ᠭᠦᠨ ᠤᠷᠪᠠᠭᠤᠯᠬᠤ ᠠᠬᠢᠴᠠ ᠶᠢ ᠲᠦᠷᠭᠡᠨ ᠠᠬᠢᠭᠤᠯᠵᠤ᠂ ᠲᠣᠭᠤᠷᠢᠨ ᠴᠠᠭᠳᠠᠵᠤ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠵᠦ᠂ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ 2023 ᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠨ ᠭᠤᠣᠯᠳᠠᠯᠭ᠎ᠠ ᠲᠠᠢ ᠡᠭᠦᠷᠭᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ︽ᠬᠠᠶᠠᠭᠳᠠᠯ ᠥᠬᠡᠶ ᠬᠤᠲᠠ ᠶᠢ ᠡᠭᠦᠳᠦᠨ ᠪᠠᠶᠢᠭᠤᠯᠬᠤ︾ ᠠᠵᠢᠯ ᠢ ᠰᠠᠶᠢᠲᠤᠷ ᠠᠳᠬᠤᠵᠤ᠂ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠶᠢ ᠴᠢᠩᠭᠠᠳᠬᠠᠨ᠂ ᠬᠠᠷᠠᠯᠲᠠᠲᠤ ᠡᠭᠦᠷᠭᠡ ᠶᠢ ᠨᠠᠷᠢᠯᠢᠬᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠶ᠃ ︽ᠤᠢ ᠰᠢᠭᠤᠢ ᠶᠢᠨ ᠳᠠᠷᠤᠭ᠎ᠠ ᠶᠢᠨ ᠳᠦᠷᠢᠮ︾ ᠪᠣᠯᠤᠨ ︽ᠭᠤᠣᠯ ᠮᠥᠷᠡᠨ ᠤ ᠳᠠᠷᠤᠭ᠎ᠠ ᠶᠢᠨ ᠳᠦᠷᠢᠮ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠷᠢᠶ᠎ᠠ ᠣᠷᠣᠨ ᠤ ᠭᠤᠣᠯ ᠮᠥᠷᠡᠨ ᠢ ᠬᠠᠮᠢᠶᠠᠷᠴᠤ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠭᠤᠣᠯ ᠮᠥᠷᠡᠨ ᠢ ᠲᠣᠭᠤᠷᠢᠨ ᠪᠠᠶᠢᠴᠠᠭᠠᠬᠤ ᠳᠦᠷᠢᠮ ᠢ ᠪᠠᠶᠢᠩᠭᠤᠵᠢᠭᠤᠯᠬᠤ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠬᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠠᠬᠢᠭᠤᠯᠵᠤ ᠪᠠᠶᠢᠭ᠎ᠠ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠳᠤᠬᠢᠷᠠᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ