ᠬᠤᠸᠠᠷ ᠴᠡᠴᠡᠭ ᠲᠠᠷᠢᠬᠤ ᠰᠠᠭᠤᠷᠢᠨ ᠭᠠᠵᠠᠷ ᠤᠨ ᠠᠵᠤ ᠠᠬᠤᠢ ᠶᠢᠨ ᠦᠷ᠎ᠡ ᠠᠰᠢᠭ ᠢᠯᠡᠳᠲᠡ ᠪᠣᠯᠪᠠ
ᠨᠡᠶᠢᠲᠡᠯᠡᠭᠰᠡᠨ ᠴᠠᠭ᠄
2023/3/7
20230307.jpg
      ᠣᠶᠢᠷ᠎ᠠ ᠶᠢᠨ ᠵᠢᠯ ᠠᠴᠠ ᠨᠠᠰᠢ᠂ ᠠᠵᠤ ᠦᠢᠯᠡᠰ ᠢᠶᠠᠷ ᠴᠢᠨᠡᠭᠡᠯᠢᠭᠵᠢᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠴᠢᠨᠡᠭᠡᠯᠢᠭᠵᠢᠯ ᠤᠨ ᠠᠯᠬᠤᠮ ᠢ ᠪᠥᠬᠦ ᠲᠠᠯ᠎ᠠ ᠪᠠᠷ ᠲᠦᠷᠭᠡᠳᠬᠡᠬᠦ ᠶᠢᠨ ᠲᠥᠯᠥᠭᠡ᠂ ᠮᠠᠨ ᠤ ᠬᠤᠲᠠ ᠭᠠᠵᠠᠷ ᠵᠦᠢ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠨ᠂ ᠬᠤᠸᠠᠷ ᠴᠡᠴᠡᠭ ᠳᠠᠷᠢᠬᠤ᠂ ᠴᠢᠨᠠᠷ ᠰᠠᠶᠢᠲᠠᠢ ᠴᠢᠬᠢ ᠮᠣᠳᠣ ᠶᠢ ᠦᠷᠡᠵᠢᠭᠦᠯᠦᠨ ᠪᠣᠶᠢᠵᠢᠭᠤᠯᠬᠤ ᠵᠢᠴᠢ ᠰᠡᠯᠡᠭᠦᠴᠡᠯ ᠵᠤᠭᠠᠴᠠᠯ ᠵᠢᠭᠤᠯᠴᠢᠯᠠᠯ ᠢ ᠨᠢᠭᠡ ᠴᠣᠭᠴᠠᠵᠢᠭᠤᠯᠤᠭᠰᠠᠨ ᠬᠤᠸᠠᠷ ᠴᠡᠴᠡᠭ ᠲᠠᠷᠢᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠬᠤᠸᠠᠷ ᠴᠡᠴᠡᠭ ᠤᠨ ᠪᠣᠷᠤᠯᠠᠭᠤᠯᠭ᠎ᠠ ᠶᠢᠨ ᠬᠡᠮᠵᠢᠶ᠎ᠡ ᠵᠢᠯ ᠳᠠᠷᠠᠭᠠᠯᠠᠨ ᠨᠡᠮᠡᠭᠳᠡᠵᠦ᠂ ᠵᠠᠬ᠎ᠠ ᠳᠡᠯᠭᠡᠭᠦᠷ ᠤᠨ ᠳᠠᠯᠳᠠ ᠬᠦᠴᠦᠨ ᠮᠠᠰᠢ ᠶᠡᠭᠡ ᠪᠠᠶᠢᠨ᠎ᠠ᠃ ᠣᠳᠣᠬᠠᠨ ᠳᠤ᠂ ᠮᠠᠨ ᠤ ᠬᠤᠲᠠ ᠨᠢᠭᠡᠨᠲᠡ ᠡᠷᠪᠡᠬᠡᠢ ᠶᠢᠨ ᠴᠠᠬᠢᠷᠮ᠎ᠠ ᠂ ᠠᠯᠲᠠᠨ ᠵᠤᠯᠠ ᠴᠡᠴᠡᠭ᠂ ᠰᠢᠶᠠᠨ ᠺᠧ ᠯᠠᠢ᠂ ᠲᠤᠷᠤᠭ ᠰᠠᠷᠠᠨ᠎ᠠ ᠵᠡᠷᠭᠡ ᠡᠭᠦᠯᠳᠡᠷ ᠢ ᠠᠮᠵᠢᠯᠲᠠᠲᠠᠢ ᠪᠣᠶᠢᠵᠢᠭᠤᠯᠵᠤ᠂ ᠰᠠᠭᠤᠷᠢᠨ ᠭᠠᠵᠠᠷ ᠨᠢ ᠲᠠᠷᠢᠬᠤ᠂ ᠦᠢᠯᠡᠴᠢᠯᠡᠬᠦ᠂ ᠪᠣᠷᠣᠯᠠᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠵᠢᠵᠢᠭ ᠦᠢᠯᠡᠳᠪᠦᠷᠢᠯᠡᠯ ᠪᠠ ᠲᠣᠮᠣ ᠵᠠᠬ᠎ᠠ ᠳᠡᠯᠭᠡᠭᠦᠷ ᠤᠨ ᠬᠠᠮᠲᠤᠷᠠᠯᠴᠠᠭ᠎ᠠ ᠶᠢ ᠵᠣᠯᠭᠠᠭᠤᠯᠵᠤ᠂ ︽ᠲᠠᠷᠢᠶᠠᠴᠢᠨ ᠡᠷᠦᠬᠡ — ᠰᠠᠭᠤᠷᠢᠨ ᠭᠠᠵᠠᠷ — ᠵᠠᠬ᠎ᠠ ᠳᠡᠯᠭᠡᠭᠦᠷ︾ ᠢ ᠬᠤᠯᠪᠣᠭᠰᠠᠨ ᠲᠥᠳᠡ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠪᠣᠷᠤᠯᠠᠭᠤᠯᠭ᠎ᠠ ᠶᠢᠨ ᠠᠷᠭ᠎ᠠ ᠮᠠᠶ᠋ᠢᠭ ᠨᠢ ᠰᠦᠯᠵᠢᠶᠡᠨ ᠳᠡᠭᠡᠷ᠎ᠡ ᠪᠠ ᠪᠥᠭᠡᠮ ᠢᠶᠠᠷ ᠬᠤᠳᠠᠯᠳᠤᠬᠤ ᠪᠠᠷ ᠭᠤᠣᠯᠯᠠᠵᠤ᠂ ᠪᠦᠲᠦᠭᠡᠭᠳᠡᠬᠦᠨ ᠢ ᠭᠤᠣᠯᠳᠠᠭᠤ ᠬᠤᠲᠠ ᠶᠢᠨ ᠳᠣᠲᠣᠨ᠎ᠠ ᠭᠠᠳᠠᠨᠠᠬᠢ ᠡᠯ᠎ᠡ ᠲᠣᠮᠣ ᠬᠡᠯᠪᠡᠷᠢ ᠶᠢᠨ ᠬᠤᠸᠠᠷ ᠴᠡᠴᠡᠭ ᠤᠨ ᠵᠠᠬ᠎ᠠ ᠳᠡᠯᠭᠡᠭᠦᠷ ᠵᠢᠴᠢ ᠬᠡᠳᠦ ᠳᠡᠯᠭᠡᠭᠦᠷ ᠲᠤ ᠪᠥᠭᠡᠮ ᠢᠶᠠᠷ ᠬᠤᠳᠠᠯᠳᠤᠵᠤ᠂ ᠢᠯᠡᠳᠲᠡ ᠠᠵᠤ ᠠᠬᠤᠢ ᠶᠢᠨ ᠦᠷ᠎ᠡ ᠠᠰᠢᠭ ᠣᠯᠣᠭᠰᠠᠨ ᠪᠠᠶᠢᠨ᠎ᠠ᠃      ᠵᠢᠷᠤᠭ ᠪᠣᠯ ᠬᠤᠲᠠ ᠶᠢᠨ ᠠᠷᠠᠳ ᠬᠤᠸᠠᠷ ᠴᠡᠴᠡᠭ ᠤᠨ ᠰᠠᠭᠤᠷᠢᠨ ᠳᠤ ᠵᠤᠭᠠᠴᠠᠨ ᠰᠡᠭᠦᠳᠡᠷ ᠲᠠᠲᠠᠵᠤ ᠪᠠᠶᠢᠭ᠎ᠠ ᠨᠢ᠃ ᠰᠤᠷᠪᠤᠯᠵᠢᠯᠠᠭᠴᠢ ᠶᠠᠩ ᠼᠠᠢ ᠰᠢᠶᠠ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ