ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠵᠢᠴᠢ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/8
3.8全县乡村振兴重点工作推进会暨农村人居环境整治提升推进会召开.jpg
      3 ᠰᠠᠷ᠎ᠠ ᠶᠢᠨ 6 ᠤ ᠡᠳᠦᠷ᠂ ᠰᠢᠶᠠᠨ ᠤ ᠳᠡᠳ᠋ ᠳᠠᠷᠤᠭ᠎ᠠ ᠳ᠋ᠦ᠋ ᠰᠢᠶᠤᠤ ᠭᠤᠸᠠᠩ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠵᠢᠴᠢ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ︽2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠢ ᠰᠠᠨᠠᠯ︾ ᠵᠡᠷᠭᠡ ᠴᠢᠬᠤᠯᠠ ᠪᠢᠴᠢᠭ ᠮᠠᠲ᠋ᠧᠷᠢᠶᠠᠯ ᠪᠣᠯᠤᠨ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃      ᠬᠤᠷᠠᠯ ᠠᠴᠠ᠂ ᠡᠨᠡ ᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠬᠦ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠡᠯ᠎ᠡ ᠱᠠᠲᠤᠨ ᠤ ᠡᠯ᠎ᠡ ᠲᠦᠷᠦᠯ ᠤᠨ ᠱᠠᠯᠠᠪᠳᠠᠭᠤᠯᠤᠨ ᠪᠠᠶᠢᠴᠠᠭᠠᠬᠤ᠂ ᠬᠢᠨᠠᠨ ᠰᠢᠯᠭᠠᠵᠤ ᠦᠨᠡᠯᠡᠨ ᠵᠢᠱᠢᠬᠦ ᠵᠡᠷᠭᠡ ᠲᠠᠢ ᠤᠶᠠᠯᠳᠤᠭᠤᠯᠤᠨ ᠠᠰᠠᠭᠤᠳᠠᠯ᠂ ᠳᠤᠲᠠᠭᠤᠳᠠᠯ ᠪᠠ ᠪᠠᠭᠤᠷᠠᠢ ᠲᠠᠯ᠎ᠠ ᠶᠢ ᠢᠯᠡᠷᠡᠭᠦᠯᠵᠦ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠂ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ᠂ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠪᠡᠯᠡ ᠮᠥᠩᠭᠦ ᠶᠢᠨ ᠲᠦᠷᠦᠯ ᠵᠦᠢᠯ ᠢ ᠵᠣᠯᠭᠠᠭᠤᠯᠬᠤ᠂ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠵᠡᠷᠭᠡ 16 ᠵᠦᠢᠯ ᠤᠨ ᠠᠵᠢᠯ ᠢ ᠬᠦᠴᠦᠯᠡᠨ ᠰᠠᠶᠢᠲᠤᠷ ᠠᠳᠬᠤᠬᠤ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠳᠤᠪᠤᠶᠢᠯᠭᠠᠵᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠣᠰᠣᠭᠠᠷ᠂ ᠡᠯ᠎ᠡ ᠰᠢᠶᠠᠩ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠢᠭᠲᠠ ᠬᠠᠮᠵᠢᠯᠴᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠢ᠃ ᠡᠭᠦᠨ ᠤ ᠵᠡᠷᠭᠡᠴᠡᠭᠡᠪᠡᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ᠂ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ᠂ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠵᠡᠷᠭᠡ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠪᠦᠬᠦ ᠰᠢᠶᠠᠨ ᠤ ᠲᠠᠷᠢᠶᠠᠯᠠᠩ ᠬᠥᠳᠡᠭᠡ ᠲᠣᠰᠬᠤᠨ ᠤ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤ᠂ ᠱᠧᠩ ᠯᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠳᠤᠭᠤᠶᠢᠯᠠᠩ ᠤᠨ ᠭᠤᠣᠯ ᠤᠳᠤᠷᠢᠳᠤᠯᠭ᠎ᠠ ᠪᠣᠯᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ