ᠪᠣᠣ ᠭᠠᠩ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠢ ᠶᠢᠨ ᠲᠠᠯᠠᠪᠠᠢ ᠳᠤ ᠠᠵᠢᠯᠯᠠᠵᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ
ᠨᠡᠶᠢᠲᠡᠯᠡᠭᠰᠡᠨ ᠴᠠᠭ᠄
2023/3/9
      ︵ᠰᠤᠷᠪᠤᠯᠵᠢᠯᠠᠭᠴᠢ ᠶᠦᠨ ᠵᠢᠩ︶ 3 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠨᠢᠭᠡ ᠡᠳᠦᠷ ᠤᠨ ᠴᠠᠭ ᠢ ᠠᠰᠢᠭᠯᠠᠨ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠡᠮᠦᠨ᠎ᠡ ᠹᠷᠣᠨᠲ ᠲᠤ ᠭᠦᠨᠵᠡᠭᠡᠶᠢᠷᠡᠨ ᠲᠤᠬᠠᠢ ᠶᠢᠨ ᠲᠠᠯᠠᠪᠤᠷ ᠲᠤ ᠠᠵᠢᠯᠯᠠᠵᠤ᠂ ᠬᠦᠴᠢᠷᠳᠡᠯ ᠲᠠᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃      ᠪᠣᠣ ᠭᠠᠩ ᠤᠷᠢᠳ ᠬᠤᠵᠢᠳ ᠭᠤᠷᠪᠠᠳᠤᠭᠠᠷ ᠲᠣᠭᠤᠷᠢᠯ ᠵᠠᠮ᠂ ᠶᠢᠨ ᠬᠠᠢ ᠵᠠᠮ᠂ ᠪᠠᠶᠠᠨ ᠵᠠᠮ ᠵᠡᠷᠭᠡ ᠬᠥᠭᠦᠷᠭᠡᠨ ᠵᠠᠮ ᠵᠢᠴᠢ S43 ᠰᠢᠨ᠎ᠡ ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ G5901 ᠢᠯᠢ ᠶᠢᠨ ᠡᠷᠡᠭᠦᠯ ᠮᠡᠨᠳᠦ ᠶᠢᠨ ᠬᠥᠨᠳᠡᠢ ᠶᠢᠨ ᠰᠠᠯᠠᠭ᠎ᠠ ᠵᠠᠮ᠂ G6 ᠲᠦᠷᠭᠡᠨ ᠤ ᠵᠠᠮ ᠪᠣᠯᠣᠨ ᠵᠡᠭᠦᠨ ᠬᠤᠶᠠᠳᠤᠭᠠᠷ ᠲᠣᠭᠤᠷᠢᠯ ᠵᠠᠮ ᠢ ᠬᠤᠯᠪᠣᠬᠤ ᠵᠡᠷᠭᠡ ᠪᠠᠷᠢᠯᠭ᠎ᠠ ᠶᠢᠨ ᠲᠤᠬᠠᠢ ᠶᠢᠨ ᠭᠠᠵᠠᠷ ᠲᠤ ᠬᠦᠷᠴᠦ᠂ ᠲᠦᠷᠦᠯ ᠵᠦᠢᠯ ᠤᠨ ᠠᠵᠢᠯ ᠢᠶᠠᠨ ᠰᠡᠷᠭᠦᠭᠡᠭᠰᠡᠨ ᠪᠠᠶᠢᠳᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠵᠦ᠂ ᠪᠠᠷᠢᠯᠭ᠎ᠠ ᠶᠢᠨ ᠲᠠᠯ᠎ᠠ ᠶᠢᠨ ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠢ ᠯᠠᠪᠯᠠᠨ ᠠᠰᠠᠭᠤᠪᠠ︔ ᠲᠧᠩ ᠹᠧᠢ ᠵᠠᠮ ᠤᠨ ᠡᠮᠦᠨ᠎ᠡ ᠬᠤᠶᠠᠳᠤᠭᠠᠷ ᠵᠠᠮ ᠢ ᠰᠤᠨᠳᠠᠯᠠᠬᠤ᠂ ᠸᠠᠨ ᠲᠦᠩ ᠵᠠᠮ ᠤᠨ ᠡᠮᠦᠨ᠎ᠡ ᠬᠤᠶᠠᠳᠤᠭᠠᠷ ᠵᠠᠮ ᠤᠨ ᠳᠣᠣᠭᠤᠷ ᠥᠩᠭᠡᠷᠡᠬᠦ᠂ ᠶᠢᠨ ᠬᠠᠢ ᠵᠠᠮ ᠳᠡᠭᠡᠷ᠎ᠡ ᠰᠢᠨ᠎ᠡ ᠪᠠᠷ ᠨᠡᠮᠡᠬᠦ ᠭᠠᠷᠴᠤ ᠪᠠᠭᠤᠬᠤ ᠰᠠᠯᠠᠭ᠎ᠠ ᠵᠠᠮ ᠵᠢᠴᠢ ᠬᠥᠯᠥᠨ ᠪᠤᠶᠢᠷ ᠵᠠᠮ᠂ ᠮᠠᠨᠵᠤᠤᠷ ᠵᠠᠮ ᠵᠡᠷᠭᠡ ︽ᠮᠤᠬᠤᠷ ᠵᠠᠮ︾ ᠢ ᠨᠡᠪᠲᠡᠷᠡᠭᠦᠯᠬᠦ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠲᠦᠷᠦᠯ ᠵᠦᠢᠯ ᠤᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠪᠣᠯᠣᠨ ᠠᠵᠢᠯ ᠡᠬᠢᠯᠡᠭᠦᠯᠦᠨ ᠪᠡᠯᠡᠳᠬᠡᠭᠰᠡᠨ ᠪᠠᠶᠢᠳᠠᠯ ᠢ ᠨᠠᠷᠢᠨ ᠯᠠᠪᠯᠠᠨ ᠠᠰᠠᠭᠤᠪᠠ᠃      ᠲᠡᠷᠡ ᠵᠢᠭᠠᠵᠤ ᠭᠠᠷᠭᠠᠭᠰᠠᠨ ᠨᠢ᠂ ᠬᠤᠲᠠ ᠶᠢᠨ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠵᠠᠮ ᠨᠡᠪᠲᠡᠷᠡᠪᠡᠯ ᠣᠯᠠᠨ ᠲᠦᠮᠡᠨ ᠤ ᠰᠡᠳᠬᠢᠯ ᠰᠠᠨᠠᠭ᠎ᠠ ᠴᠤ ᠰᠡᠷᠭᠦᠨ᠎ᠡ᠃ ᠨᠢᠳᠤᠨᠤᠨ ᠪᠢᠳᠡ ᠤᠯᠠᠨ ᠵᠢᠯ ᠤᠨ ︽ᠲᠦᠭᠵᠢᠷᠡᠬᠦ ᠮᠥᠷᠲᠡᠭᠡᠨ ᠨᠡᠪᠲᠡᠷᠡᠬᠦ ᠦᠭᠡᠢ︾ ᠬᠢᠩᠭᠠᠨ ᠡᠮᠦᠨ᠎ᠡ ᠵᠠᠮ᠂ ᠪᠤᠭᠤᠲᠤ ᠶᠡᠭᠡ ᠵᠡᠭᠡᠯᠢ ᠵᠡᠷᠭᠡ 27 ︽ᠮᠤᠬᠤᠷ ᠵᠠᠮ︾ ᠢ ᠨᠠᠪᠲᠠᠷᠡᠭᠦᠯᠵᠦ᠂ ᠤᠯᠠᠨ ᠲᠦᠮᠡᠨ ᠤ ᠶᠠᠪᠤᠵᠤ ᠰᠠᠭᠤᠬᠤ ᠳᠤ ᠲᠦᠬᠦᠮ ᠦᠵᠡᠭᠦᠯᠪᠡ᠃ ᠡᠨᠡ ᠵᠢᠯ ᠡᠬᠢᠯᠡᠭᠦᠯᠦᠭᠰᠡᠨ 8 ᠵᠠᠰᠠᠮᠠᠯ ᠵᠠᠮ ᠤᠨ ᠲᠦᠷᠦᠯ ᠵᠦᠢᠯ ᠪᠣᠯᠣᠨ 50 ᠬᠤᠳᠠ ᠶᠢᠨ ᠶᠠᠪᠤᠳᠠᠯ ᠤᠨ ᠵᠠᠮ᠂ 31 ᠬᠤᠳᠠ ᠶᠢᠨ ᠲᠣᠭᠤᠷᠢᠭ ᠤᠨ ︽ᠮᠤᠬᠤᠷ ᠵᠠᠮ︾  ᠢ ᠨᠡᠪᠲᠡᠷᠡᠭᠦᠯᠬᠦ ᠪᠠᠷᠢᠯᠭ᠎ᠠ ᠪᠣᠯ ᠴᠥᠮ ᠬᠤᠳᠠ ᠶᠢᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠵᠠᠮ ᠬᠠᠷᠢᠯᠴᠠᠭᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠤᠯᠠᠨ ᠲᠦᠮᠡᠨ ᠤ ᠶᠠᠪᠤᠵᠤ ᠰᠠᠭᠤᠬᠤ ᠳᠤ ᠲᠦᠬᠦᠮ ᠦᠵᠡᠭᠦᠯᠬᠦ᠂ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠭᠤᠣᠯᠳᠠᠯᠭ᠎ᠠ ᠲᠠᠢ ᠲᠦᠷᠦᠯ ᠵᠦᠢᠯ ᠪᠣᠯᠣᠨ᠎ᠠ᠃ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠠᠵᠢᠯ ᠢ ᠤᠷᠤᠭᠰᠢ ᠨᠢ ᠬᠢᠵᠦ᠂ ᠪᠠᠷᠢᠯᠭ᠎ᠠ ᠪᠠᠨ ᠤᠷᠤᠭᠰᠢ ᠨᠢ ᠠᠬᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠲᠣᠭᠲᠠᠭᠰᠠᠨ ᠬᠤᠭᠤᠴᠠᠭᠠᠨ ᠳᠤ ᠲᠡᠷᠭᠡ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠰᠢᠰᠲ᠋ᠧᠮ ᠤᠨ ᠰᠡᠳᠬᠢᠬᠦᠢ ᠶᠢ ᠪᠠᠷᠢᠮᠲᠠᠯᠠᠵᠤ᠂ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠵᠠᠮ ᠳᠠᠭᠠᠤ ᠶᠢᠨ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ᠂ ᠬᠠᠭᠤᠴᠢᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠵᠡᠷᠭᠡ ᠬᠤᠳᠠ ᠶᠢᠨ ᠰᠢᠨᠡᠴᠢᠯᠡᠯᠲᠡ ᠶᠢᠨ ᠲᠦᠷᠦᠯ ᠵᠦᠢᠯ ᠲᠠᠢ ᠵᠡᠷᠭᠡ ᠪᠠᠷ ᠠᠬᠢᠭᠤᠯᠵᠤ᠂ ᠨᠢᠭᠡ ᠴᠣᠭᠴᠠᠵᠢᠭᠤᠯᠤᠨ ᠪᠡᠶᠡᠯᠡᠭᠦᠯᠵᠦ᠂ ᠨᠢᠭᠡ ᠵᠦᠢᠯ ᠢ ᠨᠡᠪᠲᠡᠷᠡᠭᠦᠯᠦᠨ᠂ ᠨᠢᠭᠡ ᠬᠡᠰᠡᠭ ᠢ ᠳᠡᠭᠡᠭᠰᠢᠯᠡᠭᠦᠯᠵᠦ᠂ ᠣᠯᠠᠨ ᠭᠠᠵᠠᠷ ᠰᠠᠭᠠᠳ ᠦᠭᠡᠢ ᠨᠡᠪᠲᠡᠷᠡᠬᠦ ᠶᠢ ᠪᠡᠶᠡᠯᠡᠭᠦᠯᠬᠦ ᠬᠡᠷᠡᠭᠲᠡᠢ᠃ ᠤᠯᠠᠨ ᠲᠦᠮᠡᠨ ᠤ ︽ᠶᠠᠪᠤᠵᠤ ᠰᠠᠭᠤᠬᠤ ᠳᠤ ᠬᠦᠴᠢᠷᠲᠡᠢ︾ ᠠᠰᠠᠭᠤᠳᠠᠯ ᠢ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ ᠰᠠᠶᠢᠲᠤᠷ ᠰᠢᠢᠳᠪᠦᠷᠢᠯᠡᠵᠦ᠂ ᠪᠦᠬᠦ ᠬᠤᠳᠠ ᠶᠢᠨ ᠵᠠᠮ ᠬᠠᠷᠢᠯᠴᠠᠭᠠᠨ ᠤ ᠲᠦᠭᠵᠢᠷᠡᠯ ᠤᠨ ᠴᠡᠭ ᠢ ᠪᠣᠳᠠᠲᠠᠢ ᠭᠠᠵᠠᠷ ᠲᠤᠨᠢ ᠪᠠᠶᠢᠴᠠᠭᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡ ᠴᠣᠭᠴᠠᠵᠢᠭᠤᠯᠤᠨ ᠵᠠᠰᠠᠬᠤ ᠬᠡᠷᠡᠭᠲᠡᠢ᠂ ᠬᠠᠷᠢᠨ ᠲᠣᠯᠣᠭᠠᠢ ᠡᠪᠡᠳᠪᠡᠯ ᠲᠣᠯᠣᠭᠠᠢ ᠶᠢ ᠨᠢ ᠡᠮᠨᠡᠵᠦ᠂ ᠬᠥᠯ ᠡᠪᠡᠳᠪᠡᠯ ᠬᠥᠯ ᠢ ᠨᠢ ᠡᠮᠨᠡᠵᠦ ᠪᠣᠯᠬᠤ ᠦᠭᠡᠢ ᠭᠡᠵᠡᠢ᠃      ᠳᠠᠷᠠᠭ᠎ᠠ ᠨᠢ᠂ ᠪᠣᠣ ᠭᠠᠩ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠴᠡᠴᠡᠷᠯᠢᠭ ᠤᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠶᠡᠭᠡ ᠲᠦᠷᠭᠡᠨ ᠭᠤᠣᠯ ᠤᠨ ᠬᠤᠶᠠᠷ ᠬᠥᠪᠡᠭᠡᠨ ᠤ ᠬᠤᠸᠠᠷ ᠴᠡᠴᠡᠭ ᠤᠨ ᠳᠠᠯᠠᠢ ᠶᠢ ᠲᠥᠯᠥᠪᠵᠢᠭᠦᠯᠵᠦ ᠵᠢᠷᠤᠵᠤ ᠲᠥᠯᠥᠪᠯᠡᠭᠰᠡᠨ ᠪᠠᠶᠢᠳᠠᠯ ᠢ ᠲᠤᠬᠠᠢ ᠶᠢᠨ ᠭᠠᠵᠠᠷ ᠨᠢ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠲᠡᠷᠢᠭᠦᠨ ᠤ ᠣᠶᠢᠯᠠᠭᠠᠭᠳᠠᠬᠤᠨ ᠢᠶᠠᠷ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠥᠩᠭᠡ ᠦᠵᠡᠮᠵᠢ ᠭᠤᠶᠢᠳᠠ ᠰᠠᠶᠢᠬᠠᠨ ᠬᠤᠸᠠᠷ ᠴᠡᠴᠡᠭ ᠤᠨ ᠲᠡᠯᠡᠶ ᠶᠢ ᠪᠦᠲᠦᠭᠡᠨ ᠪᠠᠶᠢᠭᠤᠯᠵᠤ᠂ ᠬᠡᠭᠡᠷ᠎ᠡ ᠭᠠᠳᠠᠨ᠎ᠠ ᠬᠤᠨᠣᠭᠯᠠᠬᠤ᠂ ᠰᠡᠯᠡᠭᠦᠴᠡᠨ ᠲᠣᠭᠤᠷᠢᠬᠤ᠂ ᠰᠣᠶᠣᠯ ᠴᠡᠩᠭᠡᠯ ᠤᠨ ᠬᠡᠷᠡᠭᠯᠡᠭᠡ ᠵᠡᠷᠭᠡ ᠣᠯᠠᠨ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠡᠭᠡᠭᠡᠨ ᠬᠥᠭᠵᠢᠭᠦᠯᠵᠦ᠂ ᠨᠠᠩ ᠣᠯᠠᠨ ᠰᠦᠯᠵᠢᠶᠡᠨ ᠤ ᠰᠣᠳᠣᠨ ᠭᠠᠵᠠᠷ ᠢ ᠪᠦᠲᠦᠭᠡᠵᠦ᠂ ᠣᠯᠠᠨ ᠲᠦᠮᠡᠨ ᠳᠤ ᠨᠠᠩ ᠣᠯᠠᠨ ᠰᠤᠯᠠ ᠰᠡᠯᠡᠭᠦᠦ ᠴᠠᠭ ᠢᠶᠠᠨ ᠥᠩᠭᠡᠷᠡᠭᠡᠬᠦ ᠰᠠᠶᠢᠬᠠᠨ ᠭᠠᠵᠠᠷ ᠢ ᠬᠠᠩᠭᠠᠬᠤ ᠬᠡᠷᠡᠭᠲᠡᠢ ᠭᠡᠵᠡᠢ᠃      ᠬᠤᠳᠠ ᠶᠢᠨ ᠤᠳᠤᠷᠢᠳᠤᠯᠭ᠎ᠠ ᠯᠢᠦ ᠴᠧᠩ ᠮᠢᠨ᠂ ᠯᠢᠦ ᠵᠢᠢ ᠶᠢᠩ᠂ ᠸᠠᠩ ᠰᠢᠨ ᠢᠦᠢ ᠨᠠᠷ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ