ᠮᠠᠨ ᠤ ᠬᠤᠲᠠ ᠶᠢᠨ ︽3.8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠳᠤᠷᠠᠰᠬᠠᠬᠤ ᠵᠢᠴᠢ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠭᠦᠢᠴᠡᠳᠬᠡᠬᠦ ᠵᠥᠪᠯᠡᠯ ᠤᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/9
       ︵ᠰᠤᠷᠪᠤᠯᠵᠢᠯᠠᠭᠴᠢ ᠯᠢᠶᠠᠩ ᠵᠢᠩ ᠱᠤ᠋︶ 3 ᠳ᠋ᠤᠭᠠᠷ ᠰᠠᠷ᠎ᠠ ᠶᠢᠨ 8 ᠤ ᠡᠳᠦᠷ᠂ ᠮᠠᠨ ᠤ ᠬᠤᠲᠠ ᠶᠢᠨ ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠳᠤᠷᠠᠰᠬᠠᠬᠤ ᠵᠢᠴᠢ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠭᠦᠢᠴᠡᠳᠬᠡᠬᠦ ᠵᠥᠪᠯᠡᠯ ᠤᠨ ︵ᠥᠷᠭᠡᠳᠬᠡᠭᠰᠡᠨ︶ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠪᠠᠶᠢᠩᠭᠤ ᠶᠢᠨ ᠳᠡᠳ᠋ ᠲᠡᠷᠢᠭᠦᠯᠡᠭᠴᠢ ᠵᠧᠩ ᠵᠢᠶᠠᠨ ᠬᠤᠩ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠠᠩ ᠵᠢᠩ ᠮᠢᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠶᠦᠨ ᠢᠦᠢ ᠮᠧᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠳᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠠᠷᠢᠭᠤᠴᠠᠯᠭᠠᠲᠠᠨ ᠠᠴᠠ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭ᠎ᠠ ᠶᠢᠨ ᠭᠦᠢᠴᠡᠳᠬᠡᠬᠦ ᠵᠥᠪᠯᠡᠯ ᠤᠨ ᠠᠵᠢᠯ ᠤᠨ ᠮᠡᠳᠡᠭᠦᠯᠦᠯᠲᠡ ᠬᠢᠪᠡ︔ ︽2022 ᠣᠨ ᠤ ᠬᠥᠬᠡᠬᠤᠲᠠ ᠶᠢᠨ ︿3·8﹀ ᠤᠯᠠᠭᠠᠨ ᠲᠤᠭᠴᠢ ︵ᠵᠢᠱᠢᠶᠡᠴᠢ︶᠂ ︿3·8﹀ ᠤᠯᠠᠭᠠᠨ ᠲᠤᠭ ᠤᠨ ᠬᠠᠮᠲᠤ ᠨᠢᠭᠡᠴᠡ ᠶᠢ ᠰᠣᠩᠭᠤᠨ ᠳᠠᠭᠤᠷᠢᠶᠠᠯ ᠪᠣᠯᠭᠠᠬᠤ ᠲᠤᠬᠠᠢ ᠬᠥᠬᠡᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠣᠭᠲᠠᠭᠠᠯ︾ ︽ᠬᠥᠬᠡᠬᠤᠲᠠ ᠶᠢᠨ ᠬᠤᠶᠠᠳᠤᠭᠠᠷ ᠬᠤᠭᠤᠴᠠᠭᠠᠨ ᠤ ᠴᠡᠯᠡᠭᠡᠷ ᠲᠠᠯ᠎ᠠ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠡᠳᠬᠢᠯ ᠳᠣᠭᠳᠣᠯᠤᠭᠠᠭᠴᠢ ᠬᠥᠮᠥᠨ᠂ ᠰᠡᠳᠬᠢᠯ ᠳᠤᠯᠠᠭᠠᠯᠠᠬᠤ ᠦᠯᠢᠭᠡᠷ ᠪᠣᠯᠣᠨ ᠰᠢᠯᠢᠳᠡᠭ ᠲᠥᠰᠥᠯ ᠨᠡᠶᠢᠲᠡᠯᠡᠬᠦ ᠲᠤᠬᠠᠢ ᠬᠥᠬᠡᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠣᠭᠲᠠᠭᠠᠯ︾ ᠢ ᠤᠩᠰᠢᠨ ᠨᠡᠶᠢᠲᠡᠯᠡᠪᠡ︔  ︿3.8﹀ ᠤᠯᠠᠭᠠᠨ ᠲᠤᠭᠴᠢ ︵ᠬᠠᠮᠲᠤ ᠨᠢᠭᠡᠴᠡ︶᠂ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠲᠥᠯᠥᠭᠡᠯᠡᠭᠴᠢ ᠦᠭᠡ ᠬᠡᠯᠡᠪᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ