2023 ᠣᠨ ᠤ ᠭᠤᠴᠢᠨ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠤᠳᠠᠯ ᠦᠭᠡᠢ ᠡᠬᠢᠯᠡᠬᠦ ᠭᠡᠵᠦ ᠪᠣᠶ
ᠨᠡᠶᠢᠲᠡᠯᠡᠭᠰᠡᠨ ᠴᠠᠭ᠄
2023/3/9
       ︵ᠰᠤᠷᠪᠤᠯᠵᠢᠯᠠᠭᠴᠢ ᠮᠢᠶᠣᠣ ᠴᠢᠩ︶ 2023 ᠣᠨ ᠤ ᠭᠤᠴᠢᠨ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠤᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ 3 ᠳ᠋ᠤᠭᠠᠷ ᠰᠠᠷ᠎ᠠ ᠶᠢᠨ 12 ︱ 14 ᠤ ᠡᠳᠦᠷ ᠥᠪᠥᠷ ᠮᠣᠩᠭᠤᠯ ᠤᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠨ᠎ᠠ᠃      ᠲᠤᠰ ᠬᠤᠭᠤᠴᠠᠭᠠᠨ ᠤ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠨᠢ ︽ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠬᠦ︾ ᠪᠠᠷ ᠭᠤᠣᠯ ᠰᠡᠳᠦᠪ ᠪᠣᠯᠭᠠᠵᠤ᠂ ︽ᠦᠷ᠎ᠡ ᠪᠦᠲᠦᠭᠡᠯ ᠢ ᠳᠡᠯᠭᠡᠨ ᠦᠵᠡᠭᠦᠯᠬᠦ᠂ ᠰᠣᠯᠢᠯᠴᠠᠭ᠎ᠠ ᠶᠢ ᠠᠬᠢᠭᠤᠯᠬᠤ᠂ ᠳᠡᠯᠭᠡᠷᠡᠭᠦᠯᠬᠦ ᠶᠢ ᠠᠬᠢᠭᠤᠯᠬᠤ᠂ ᠲᠠᠷᠢᠶᠠᠯᠠᠩ ᠳᠤ ᠦᠢᠯᠡᠴᠢᠯᠡᠬᠦ︾ ᠦᠵᠡᠰᠬᠦᠯᠡᠩ ᠡᠷᠭᠢᠯᠡᠬᠦ ᠵᠣᠷᠢᠯᠲᠠ ᠶᠢ ᠪᠠᠷᠢᠮᠲᠠᠯᠠᠨ᠂ ᠣᠯᠠᠨ ᠣᠯᠠᠨ ᠤᠬᠠᠭᠤᠯᠬᠤ ᠪᠠ ᠳᠡᠯᠭᠡᠷᠡᠭᠦᠯᠬᠦ ᠠᠵᠢᠯ ᠢ ᠥᠷᠨᠢᠭᠦᠯᠵᠦ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠷᠮᠠᠶᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢᠨ ᠬᠠᠮᠲᠤ ᠪᠠᠰᠠ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠥᠭᠵᠢᠯᠲᠡ ᠳᠤ ᠮᠡᠳᠡᠭᠡ ᠵᠠᠩᠭᠢ ᠶᠢᠨ ᠰᠣᠯᠢᠯᠴᠠᠭ᠎ᠠ ᠪᠠ ᠬᠠᠮᠲᠤᠷᠠᠯᠴᠠᠭᠠᠨ ᠤ ᠲᠠᠪᠴᠠᠩ ᠬᠠᠩᠭᠠᠨ᠎ᠠ᠃      ᠲᠣᠰ ᠤᠳᠠᠭᠠᠨ ᠤ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠳᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠤᠰᠤ ᠠᠷᠪᠢᠯᠠᠬᠤ ᠤᠰᠤᠯᠠᠯᠲᠠ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ᠂ ᠣᠶᠤᠨᠲᠤ ᠲᠠᠷᠢᠶᠠᠯᠠᠩ᠂ ᠲᠠᠷᠢᠶᠠᠯᠠᠩ ᠣᠶ ᠰᠢᠭᠤᠢ ᠶᠢᠨ ᠪᠦᠲᠦᠭᠡᠭᠳᠡᠬᠦᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠲᠤᠯᠤᠭᠠᠨ ᠶᠡᠭᠡ ᠦᠵᠡᠭᠦᠯᠦᠯᠭᠡ ᠶᠢᠨ ᠲᠣᠭᠤᠷᠢᠭ ᠭᠠᠷᠭᠠᠵᠤ ᠂ ᠦᠵᠡᠭᠦᠯᠦᠯᠭᠡ ᠶᠢᠨ ᠲᠠᠯᠠᠪᠠᠶ ᠨᠢ ᠨᠡᠶᠢᠲᠡ 4 ᠲᠦᠮᠡᠨ ᠲᠡᠭᠰᠢ ᠳᠥᠷᠪᠡᠯᠵᠢᠨ ᠮᠧᠲᠷ ᠬᠦᠷᠴᠦ᠂ ᠨᠡᠶᠢᠲᠡ 800 ᠭᠠᠷᠤᠢ ᠲᠠᠷᠢᠶᠠᠯᠠᠩ᠂ ᠣᠶ ᠰᠢᠭᠤᠢ᠂ ᠮᠠᠯ ᠠᠵᠤ ᠠᠬᠤᠢ᠂ ᠤᠰᠤᠨ ᠤ ᠠᠵᠤ ᠠᠬᠤᠶᠢᠯᠠᠯ ᠦᠵᠡᠰᠬᠦᠯᠡᠩ ᠳᠤ ᠣᠷᠤᠯᠴᠠᠬᠤ ᠪᠠᠷ ᠨᠡᠷ᠎ᠡ ᠮᠡᠳᠡᠭᠦᠯᠵᠦ᠂ 1200 ᠭᠠᠷᠤᠢ ᠦᠵᠡᠭᠦᠯᠦᠯᠭᠡ ᠶᠢᠨ ᠪᠠᠶᠢᠷᠢ ᠭᠠᠷᠭᠠᠵᠠᠢ᠂ ᠡᠭᠦᠨ ᠳᠤ ᠳᠡᠭᠡᠳᠦ ᠰᠢᠨ᠎ᠡ ᠮᠡᠷᠭᠡᠵᠢᠯ ᠤᠨ ᠲᠥᠷᠥᠯ ᠵᠦᠢᠯ 276᠂ ᠲᠤᠰᠬᠠᠢ ᠠᠰᠢᠭ ᠤᠨ ᠮᠡᠷᠭᠡᠵᠢᠯ ᠤᠨ ᠦᠢᠯᠡᠳᠬᠦᠨ 409 ᠪᠣᠶ᠃ ᠪᠦᠬᠦ ᠤᠯᠤᠰ ᠤᠨ 16 ᠭᠠᠵᠠᠷ ᠣᠷᠣᠨ ᠠᠴᠠ ᠢᠷᠡᠭᠰᠡᠨ ᠪᠡᠯᠡ ᠣᠷᠣᠭᠤᠯᠬᠤ ᠬᠤᠳᠠᠯᠳᠤᠭᠠᠴᠢᠨ᠂ ᠬᠤᠳᠠᠯᠳᠤᠨ ᠠᠪᠬᠤ ᠪᠦᠯᠬᠦᠮ᠂ ᠦᠵᠡᠰᠬᠦᠯᠡᠩ ᠳᠤ ᠣᠷᠣᠯᠴᠠᠬᠤ ᠠᠵᠤ ᠠᠬᠤᠶᠢᠯᠠᠯ ᠵᠢᠴᠢ ᠲᠠᠷᠢᠶᠠᠯᠠᠩ ᠮᠠᠯ ᠠᠵᠤ ᠠᠬᠤᠢ ᠶᠢᠨ ᠬᠠᠮᠢᠶ᠎ᠠ ᠪᠦᠬᠦᠢ ᠬᠥᠮᠥᠰ ᠬᠥᠬᠡᠬᠤᠲᠠ ᠳᠤ ᠴᠤᠭᠯᠠᠷᠠᠵᠤ᠂ ᠬᠠᠮᠲᠤᠷᠠᠯᠴᠠᠭ᠎ᠠ ᠪᠠᠨ ᠵᠥᠪᠳᠡᠯᠴᠡᠨ ᠬᠥᠭᠵᠢᠯᠲᠡ ᠶᠢ ᠡᠷᠢᠯᠬᠢᠯᠡᠬᠦ ᠪᠣᠯᠣᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ