ᠯᠢ ᠯᠢᠦ ᠰᠢᠶᠤᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠨᠢᠭᠤᠴᠠ ᠪᠠᠷ ᠰᠤᠷᠪᠤᠯᠵᠢᠯᠠᠵᠤ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2023/4/11
4.10李六小暗访督导全国文明城市创建工作.jpg
      4 ᠰᠠᠷ᠎ᠠ ᠶᠢᠨ 6 ᠤ ᠣᠷᠣᠶ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠮᠠᠨ ᠤ ᠰᠢᠶᠠᠨ ᠤ ᠱᠧᠩ ᠯᠧ ᠵᠡᠭᠡᠯᠢ᠂ ᠸᠧᠶ ᠯᠢ ᠯᠠᠶ ᠬᠤᠳᠠᠯᠳᠤᠭᠠᠨ ᠤ ᠲᠠᠯᠠᠪᠤᠷ ᠤᠨ ᠡᠷᠭᠢᠨ ᠲᠣᠭᠤᠷᠢᠨ ᠤ ᠠᠷᠠᠳ ᠲᠤ ᠳᠥᠭᠦᠮ ᠦᠵᠡᠭᠦᠯᠬᠦ ᠰᠥᠨᠢ ᠶᠢᠨ ᠵᠠᠬ᠎ᠠ᠂ ᠯᠢ ᠶᠤᠸᠠᠨ ᠲᠣᠨᠣᠯᠵᠢᠨ ᠵᠠᠮ᠂ ᠯᠢᠶᠠᠨ ᠲᠦᠩ ᠺᠣᠮᠫᠠᠨᠢ ᠶᠢᠨ ᠠᠷᠠᠳ ᠲᠤ ᠳᠥᠭᠦᠮ ᠦᠵᠡᠭᠦᠯᠬᠦ ᠲᠡᠷᠭᠡᠨ ᠵᠣᠭᠰᠣᠭᠠᠯ ᠳᠤ ᠭᠦᠨᠵᠡᠭᠡᠶᠢᠷᠡᠨ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠳᠠᠯᠳᠠᠭᠤᠷ ᠪᠠᠶᠢᠴᠠᠭᠠᠨ ᠵᠢᠯᠣᠭᠤᠳᠪᠠ᠃      ᠱᠧᠩ ᠯᠧ ᠵᠡᠭᠡᠯᠢ ᠶᠢᠨ ᠸᠧᠶ ᠯᠢ ᠯᠠᠶ ᠬᠤᠳᠠᠯᠳᠤᠭᠠᠨ ᠤ ᠲᠠᠯᠠᠪᠤᠷ ᠤᠨ ᠡᠷᠬᠢᠨ ᠲᠣᠭᠤᠷᠢᠨ ᠤ ᠠᠷᠠᠳ ᠲᠤ ᠲᠥᠬᠦᠮ ᠦᠵᠡᠭᠦᠯᠬᠦ ᠰᠥᠨᠢ ᠶᠢᠨ ᠵᠠᠬ᠎ᠠ ᠳᠡᠯᠭᠡᠭᠦᠷ ᠲᠤ ᠯᠢ ᠯᠢᠦ ᠰᠢᠶᠤᠤ ᠬᠤᠳᠠᠯᠳᠤᠭᠠᠴᠢᠨ ᠡᠷᠦᠬᠡ ᠲᠠᠢ ᠳᠣᠲᠣᠨᠣ ᠪᠠᠷ ᠶᠠᠷᠢᠯᠴᠠᠵᠤ᠂ ᠡᠵᠡᠩᠨᠡᠯᠲᠡ ᠶᠢᠨ ᠪᠠᠶᠢᠳᠠᠯ ᠵᠢᠴᠢ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠬᠠᠮᠢᠶ᠎ᠠ ᠪᠥᠬᠦᠶ ᠠᠵᠢᠯ ᠢ ᠨᠠᠷᠢᠨ ᠣᠶᠢᠯᠠᠭᠠᠪᠠ᠃ ᠲᠡᠷᠡ ᠬᠤᠳᠠᠯᠳᠤᠭᠠᠴᠢᠨ ᠢ ᠡᠷᠬᠡᠪᠰᠢ ᠢᠳᠡᠭᠡᠨ ᠤ ᠠᠷᠢᠭᠤᠨ ᠴᠡᠪᠡᠷ ᠤᠨ ᠠᠮᠤᠷ ᠲᠦᠪᠰᠢᠨ ᠢ ᠪᠠᠲᠤᠯᠠᠵᠤ᠂ ᠳᠡᠯᠭᠡᠭᠦᠷ ᠤᠨ ᠠᠷᠢᠭᠤᠨ ᠴᠡᠪᠡᠷ ᠤᠨ ᠠᠵᠢᠯ ᠢ ᠰᠠᠶᠢᠲᠤᠷ ᠬᠢᠵᠦ᠂ ᠵᠣᠴᠢᠳ ᠲᠤ ᠠᠮᠤᠷ ᠲᠦᠪᠰᠢᠨ ᠡᠷᠡᠭᠦᠯ ᠬᠠᠮᠠᠭᠠᠯᠠᠯ ᠤᠨ ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠶ ᠭᠡᠵᠦ ᠵᠠᠬᠢᠪᠠ᠃ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠠᠵᠢᠯ ᠢ ᠰᠠᠶᠢᠲᠤᠷ ᠬᠢᠬᠦ ᠳᠤ᠂ ᠥᠪᠡᠷ ᠤᠨ ᠳᠡᠯᠭᠡᠭᠦᠷ ᠢᠶᠠᠨ ᠰᠠᠶᠢᠲᠤᠷ ᠬᠠᠮᠢᠶᠠᠷᠬᠤ ᠪᠠᠷ ᠪᠠᠷᠠᠬᠤ ᠥᠬᠡᠶ᠂ ᠪᠠᠰᠠ ᠵᠣᠴᠢᠳ ᠢ ᠬᠥᠲᠥᠯᠦᠨ ᠵᠢᠯᠣᠭᠤᠳᠴᠤ ᠪᠠᠶᠢᠭᠠᠳ ᠪᠣᠯᠪᠠᠰᠤᠨ ᠦᠢᠯᠡ ᠠᠵᠢᠯᠯᠠᠭᠠᠨ ᠤ ᠵᠢᠷᠤᠮᠵᠢᠯ ᠢ ᠰᠠᠬᠢᠭᠤᠯᠵᠤ᠂ ᠰᠠᠶᠢᠨ ᠰᠠᠶᠢᠬᠠᠨ ᠡᠵᠡᠩᠨᠡᠯᠲᠡ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠬᠤᠯᠪᠣᠭᠳᠠᠯ ᠪᠥᠬᠦᠶ ᠨᠢᠭᠡᠴᠡ ᠶᠢ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠳᠠᠯᠳᠤᠭᠠᠨ ᠤ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠵᠢᠷᠤᠮᠵᠢᠭᠤᠯᠤᠨ ᠡᠵᠡᠩᠨᠡᠭᠦᠯᠵᠦ᠂ ᠪᠣᠯᠪᠠᠰᠤᠨ ᠢᠶᠠᠷ ᠡᠵᠡᠩᠨᠡᠭᠦᠯᠵᠦ᠂ ᠴᠡᠪᠡᠷ ᠴᠡᠮᠴᠡᠭᠡᠷ᠂ ᠰᠠᠭᠠᠳ ᠥᠬᠡᠶ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃      ᠯᠢ ᠶᠤᠸᠠᠨ ᠤ ᠲᠣᠨᠣᠯᠵᠢᠨ ᠵᠠᠮ ᠳᠤ᠂ ᠯᠢ ᠯᠢᠦ ᠰᠢᠶᠤᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠠᠮ ᠨᠡᠪᠲᠡᠷᠡᠯᠭᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠠᠬᠢᠭᠤᠯᠵᠤ᠂ ᠤᠯᠠᠨ ᠨᠡᠶᠢᠲᠡ ᠶᠢᠨ ᠲᠥᠬᠦᠭᠡᠷᠦᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠶᠢ ᠴᠢᠩᠭᠠᠳᠬᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠦᠪᠰᠢᠨ ᠢ ᠳᠡᠭᠡᠭᠰᠢᠯᠡᠭᠦᠯᠵᠦ᠂ ᠬᠤᠳᠠ ᠶᠢᠨ ᠠᠷᠠᠳ ᠲᠤ ᠠᠮᠤᠷ ᠲᠦᠪᠰᠢᠨ᠂ ᠠᠷᠢᠭᠤᠨ ᠴᠡᠪᠡᠷ᠂ ᠲᠠᠭᠠᠯᠠᠮᠵᠢᠲᠠᠢ ᠠᠵᠢᠯ ᠠᠮᠢᠳᠤᠷᠠᠯ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ ᠥᠭᠬᠦ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠠᠰᠢᠨᠲᠤ ᠲᠡᠷᠭᠡᠨ ᠤ ᠵᠠᠮ᠂ ᠮᠠᠰᠢᠨᠲᠤ ᠲᠡᠷᠭᠡᠨ ᠤ ᠲᠡᠷᠭᠡ ᠵᠣᠭᠰᠣᠬᠤ ᠪᠠᠶᠢᠷᠢ᠂ ᠮᠠᠰᠢᠨᠲᠤ ᠪᠤᠰᠤ ᠲᠡᠷᠭᠡᠨ ᠤ ᠵᠠᠮ ᠵᠢᠴᠢ ᠶᠠᠪᠠᠭᠠᠨ ᠬᠥᠮᠦᠨ ᠤ ᠵᠠᠮ ᠢ ᠵᠦᠶ ᠵᠣᠬᠢᠰᠲᠠᠶ ᠲᠥᠯᠥᠪᠵᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠬᠤᠲᠠ ᠶᠢᠨ ︽ᠥᠩᠭᠡ ᠵᠢᠰᠦ︾ ᠶᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃      ᠯᠢᠶᠠᠨ ᠲᠦᠩ ᠺᠣᠮᠫᠠᠨᠢ ᠶᠢᠨ ᠠᠷᠠᠳ ᠲᠤ ᠲᠦᠬᠦᠮ ᠦᠵᠡᠭᠦᠯᠬᠦ ᠲᠡᠷᠭᠡᠨ ᠵᠣᠭᠰᠣᠭᠠᠯ ᠳᠤ᠂ ᠯᠢ ᠯᠢᠦ ᠰᠢᠶᠤᠤ ᠲᠡᠷᠭᠡᠨ ᠵᠣᠭᠰᠣᠭᠠᠯ ᠤᠨ ᠭᠠᠳᠠᠭᠠᠳᠤ ᠨᠡᠭᠡᠭᠡᠯᠳᠡ ᠶᠢᠨ ᠨᠠᠷᠢᠨ ᠲᠦᠷᠢᠮ ᠵᠢᠴᠢ ᠬᠦᠴᠢᠷ ᠠᠰᠠᠭᠤᠳᠠᠯ ᠢ ᠨᠠᠷᠢᠨ ᠣᠶᠢᠯᠠᠭᠠᠵᠤ᠂ ᠤᠯᠠᠨ ᠲᠦᠮᠡᠨ ᠳᠤ ᠦᠢᠯᠡᠴᠢᠯᠡᠬᠦ ᠪᠠᠷ ᠵᠠᠷᠴᠢᠮ ᠪᠣᠯᠭᠠᠵᠤ᠂ ᠲᠡᠷᠭᠡᠨ ᠵᠣᠭᠰᠣᠭᠠᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠶᠢ ᠪᠠᠲᠤᠯᠠᠬᠤ ᠶᠢᠨ ᠬᠠᠮᠲᠤ ᠠᠵᠤ ᠠᠬᠤᠶᠢᠯᠠᠯ ᠤᠨ ᠬᠡᠪ ᠤᠨ ᠠᠵᠢᠯᠯᠠᠭ᠎ᠠ ᠶᠢ ᠪᠠᠲᠤᠯᠠᠬᠤ ᠬᠡᠷᠡᠭᠲᠡᠢ᠃ ᠤᠯᠠᠨ ᠲᠦᠮᠡᠨ ᠢ ᠤᠯᠠᠮ ᠨᠢᠭᠡ ᠠᠯᠬᠤᠮ ᠬᠦᠳᠦᠯᠦᠨ ᠵᠢᠯᠣᠭᠤᠳᠴᠤ ᠪᠠᠶᠢᠭᠠᠳ ᠪᠣᠯᠪᠠᠰᠤᠨ ᠵᠢᠷᠤᠮᠵᠢᠯ ᠢ ᠦᠢᠯᠡᠳᠦᠯᠭᠡᠵᠢᠭᠦᠯᠵᠦ᠂ ᠮᠠᠨ ᠤ ᠰᠢᠶᠠᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠬᠠᠮᠲᠤ ᠪᠠᠷ ᠴᠢᠷᠮᠠᠶᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠨᠢᠦ ᠵᠢᠶᠦ᠋ᠨ᠂ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ