ᠮᠡᠷᠭᠡᠵᠢᠯ ᠬᠦᠷᠭᠡᠵᠦ ᠬᠠᠪᠤᠷ ᠤᠨ ᠲᠠᠷᠢᠶᠠᠯᠠᠭ᠎ᠠ ᠳᠤ ᠦᠢᠯᠡᠴᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/4/11
20230411-1.jpg
      ᠣᠳᠣ ᠳᠤ ᠶᠠᠭ ᠢᠳᠡᠰᠢᠨ ᠨᠣᠭᠤᠭ᠎ᠠ ᠶᠢᠨ ᠴᠢᠬᠢ ᠪᠣᠶᠢᠵᠢᠭᠤᠯᠬᠤ ᠪᠠ ᠬᠦᠯᠡᠮᠵᠢ ᠶᠢᠨ ᠬᠠᠪᠤᠷ ᠤᠨ ᠡᠷᠲᠡ ᠶᠢᠨ ᠬᠠᠰᠢ ᠶᠢᠨ ᠲᠥᠷᠥᠯ ᠤᠨ ᠢᠳᠡᠰᠢᠨ ᠨᠣᠭᠤᠭ᠎ᠠ ᠶᠢᠨ ᠬᠠᠮᠢᠶᠠᠷᠤᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠪᠣᠯᠵᠤ ᠪᠠᠶᠢᠨ᠎ᠠ᠃ ᠣᠶᠢᠷ᠎ᠠ ᠳᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠶᠢᠨ ᠪᠣᠬᠢᠷᠲᠤᠯ ᠦᠭᠡᠢ ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ ᠬᠤᠶᠠᠷ ᠲᠤᠰᠬᠠᠢ ᠮᠡᠷᠭᠡᠵᠢᠯᠲᠡᠨ ᠲᠣᠰ ᠲᠣᠰ ᠮᠠᠨ ᠤ ᠬᠤᠲᠠ ᠶᠢᠨ ᠢᠦᠢ ᠴᠢᠤᠸᠠᠨ ᠲᠣᠭᠤᠷᠢᠭ ᠪᠠ ᠰᠠᠶᠢᠬᠠᠨ ᠲᠣᠭᠤᠷᠢᠭ ᠲᠤ ᠬᠦᠷᠴᠦ᠂ ᠲᠤᠬᠠᠢ ᠶᠢᠨ ᠭᠠᠵᠠᠷ ᠤᠨ ᠯᠠᠵᠤᠤ᠂ ᠲᠥᠪᠡᠳ ᠬᠠᠰᠢ ᠶᠢᠨ ᠴᠢᠬᠢ ᠪᠣᠶᠢᠵᠢᠭᠤᠯᠬᠤ᠂ ᠨᠡᠷᠡᠨ ᠬᠦᠯᠡᠮᠵᠢ ᠶᠢᠨ ᠲᠥᠪᠡᠳ ᠬᠠᠰᠢ᠂ ᠯᠠᠵᠤᠤ ᠶᠢᠨ ᠬᠠᠮᠢᠶᠠᠷᠤᠯᠲᠠ ᠵᠡᠷᠭᠡ ᠳᠤ ᠴᠢᠭᠯᠡᠭᠦᠯᠦᠨ ᠮᠡᠷᠭᠡᠵᠢᠯ ᠤᠨ ᠦᠢᠯᠡᠴᠢᠯᠡᠭᠡᠨ ᠤ ᠵᠢᠯᠣᠭᠤᠳᠤᠯᠭ᠎ᠠ ᠬᠢᠵᠦ᠂ ᠣᠯᠠᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃      ᠬᠠᠪᠤᠷ ᠤᠨ ᠲᠠᠷᠢᠶᠠᠯᠠᠭ᠎ᠠ ᠶᠢᠨ ᠦᠶ᠎ᠡ ᠳᠤ᠂ ᠢᠳᠡᠰᠢᠨ ᠨᠣᠭᠤᠭ᠎ᠠ ᠶᠢᠨ ᠪᠣᠬᠢᠷᠲᠤᠯ ᠦᠭᠡᠢ ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡ ᠨᠢ ︽ᠴᠠᠭ ᠤᠨ ᠬᠤᠷ᠎ᠠ︾ ᠰᠢᠭ᠋ ᠪᠠᠶᠢᠳᠠᠭ ᠮᠥᠷᠲᠡᠭᠡᠨ ᠡᠶᠢᠮᠦᠷᠬᠦ ︽ᠴᠠᠭ ᠤᠨ ᠬᠤᠷ᠎ᠠ︾ ᠨᠢ ᠪᠠᠰᠠ ᠮᠠᠰᠢ ᠣᠯᠠᠨ ᠪᠠᠶᠢᠳᠠᠭ᠃ ᠬᠠᠪᠤᠷ ᠤᠨ ᠲᠠᠷᠢᠶᠠᠯᠠᠭ᠎ᠠ ᠳᠤ ᠪᠡᠯᠡᠳᠬᠡᠬᠦ ᠪᠣᠯᠣᠭᠰᠠᠨ ᠠᠴᠠ ᠨᠠᠰᠢ᠂ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠬᠠᠤᠯᠢ ᠶᠢᠨ ᠡᠷᠬᠡᠲᠡᠨ ᠤ ᠨᠢᠭᠡᠴᠡ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ 4 ᠲᠤᠰᠬᠠᠢ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ︵ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡᠨ ᠤ ᠪᠦᠯᠬᠦᠮ᠂ ᠳᠠᠪᠠᠭᠤᠯᠢᠭ ᠣᠨᠴᠠᠯᠢᠭᠲᠤ ᠲᠠᠷᠢᠮᠠᠯ ᠤᠨ ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡᠨ ᠤ ᠪᠦᠯᠬᠦᠮ᠂ ᠦᠬᠡᠷ ᠬᠤᠨᠢ ᠲᠡᠵᠢᠭᠡᠨ ᠦᠷᠡᠵᠢᠭᠦᠯᠬᠦ ᠮᠡᠷᠭᠡᠵᠢᠯ ᠤᠨ ᠦᠢᠯᠡᠴᠢᠯᠡᠭᠡᠨ ᠤ ᠪᠦᠯᠬᠦᠮ᠂ ᠤᠷᠭᠤᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠦᠢᠯᠡᠴᠢᠯᠡᠭᠡᠨ ᠤ ᠪᠦᠯᠬᠦᠮ ᠪᠠᠭᠲᠠᠨ᠎ᠠ︶ ᠤᠨ 19 ᠲᠤᠰᠬᠠᠢ ᠮᠡᠷᠭᠡᠵᠢᠯᠲᠡᠨ ᠲᠤᠷᠰᠢᠯᠲᠠ ᠶᠢᠨ ᠲᠠᠰᠤᠭ ᠠᠴᠠ ᠭᠠᠷᠴᠤ᠂ ᠲᠠᠷᠢᠶᠠᠨ ᠭᠠᠵᠠᠷ ᠲᠤ ᠭᠦᠨᠵᠡᠭᠡᠶᠢᠷᠡᠨ ᠮᠡᠷᠭᠡᠵᠢᠯ ᠤᠨ ᠦᠢᠯᠡᠴᠢᠯᠡᠭᠡ ᠥᠷᠨᠢᠭᠦᠯᠵᠦ᠂ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠵᠤ ᠠᠬᠤᠶᠢᠯᠠᠯ ᠪᠠ ᠲᠠᠷᠢᠶᠠᠴᠢᠨ ᠡᠷᠦᠬᠡ ᠳᠤ ᠪᠠᠲᠤᠯᠠᠭ᠎ᠠ ᠬᠠᠩᠭᠠᠪᠠ᠃ ᠰᠤᠷᠪᠤᠯᠵᠢᠯᠠᠭᠴᠢ ᠦ᠋ ᠽᠢ ᠰᠢᠤᠸᠠᠨ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ