ᠠᠮᠢᠳᠤᠷᠠᠯ ᠤᠨ ᠳᠡᠮ
ᠨᠡᠶᠢᠲᠡᠯᠡᠭᠰᠡᠨ ᠴᠠᠭ᠄
2023/4/11
      ᠬᠠᠯᠠᠭᠤᠨ ᠤᠰᠤᠨ ᠤ ᠰᠠᠪᠠ ᠶᠢᠨ ᠬᠠᠭ ᠢ ᠠᠷᠢᠯᠭᠠᠬᠤ ᠳᠤ ᠼᠤᠤ ᠬᠢᠵᠤ ᠭᠡᠳᠤᠨ ᠤᠳᠠᠭ᠎ᠠ ᠵᠠᠶᠢᠯᠤᠭᠰᠠᠨ ᠤ ᠳᠠᠷᠠᠭ᠎ᠠ ᠬᠠᠭᠠᠰ ᠴᠠᠭ ᠲᠠᠯᠪᠢᠵᠤ ᠪᠠᠶᠢᠭᠠᠳ ᠳᠠᠬᠢᠨ ᠴᠡᠪᠡᠷ ᠤᠰᠤ ᠪᠠᠷ ᠵᠠᠶᠢᠯᠪᠠᠯ ᠬᠠᠭ ᠨᠢ ᠠᠷᠢᠯᠤᠨ᠎ᠠ᠃      ᠱᠠᠬᠠᠢ ᠶᠢᠨ ᠠᠪᠳᠠᠷ᠎ᠠ ᠳᠣᠲᠣᠷ᠎ᠠ ᠮᠤᠳᠤᠨ ᠨᠡᠭᠦᠷᠡᠰᠤ ᠶᠢ ᠬᠢᠵᠤ ᠬᠠᠳᠠᠭᠠᠯᠠᠪᠠᠯ ᠦᠮᠡᠭᠡᠢ ᠦᠨᠤᠷ ᠢ ᠠᠷᠢᠯᠭᠠᠵᠤ ᠴᠢᠭᠢᠭᠳᠡᠬᠦ ᠠᠴᠠ ᠰᠡᠷᠭᠡᠶᠢᠯᠡᠨ᠎ᠡ᠃      ᠵᠦᠷᠵᠢ ᠶᠢᠨ ᠬᠠᠯᠢᠰᠤ ᠶᠢ ᠤᠬᠢᠶᠠᠵᠤ ᠴᠡᠪᠡᠷᠯᠡᠭᠡᠳ ᠬᠦᠯᠳᠡᠭᠡᠭᠦᠷ ᠲᠤ ᠳᠡᠯᠭᠡᠵᠦ ᠲᠠᠯᠪᠢᠪᠠᠯ᠂ ᠭᠤᠷᠪᠠᠨ ᠬᠤᠨᠤᠭ ᠤᠨ ᠳᠠᠷᠠᠭ᠎ᠠ ᠬᠦᠯᠳᠡᠭᠡᠭᠦᠷ ᠤᠨ ᠠᠯᠢᠪᠠ ᠮᠠᠭᠤᠬᠠᠢ ᠦᠨᠤᠷ ᠠᠷᠢᠯᠵᠤ᠂ ᠠᠩᠭᠢᠯᠤᠮ᠎ᠠ ᠰᠠᠶᠢᠬᠠᠨ ᠦᠨᠤᠷ ᠭᠠᠷᠳᠠᠭ᠃      ᠨᠦᠢᠷ ᠬᠤᠯᠵᠢᠳᠠᠭ ᠬᠦᠮᠤᠨ ᠤᠨᠳᠠᠬᠤ ᠠᠴᠠ ᠡᠮᠦᠨ᠎ᠡ ᠨᠢᠭᠡ ᠴᠤᠮᠤ ᠪᠤᠴᠠᠯᠭᠠᠵᠤ ᠬᠥᠷᠥᠭᠡᠭᠰᠡᠨ ᠤᠰᠤᠨ ᠳᠤ ᠨᠢᠭᠡ ᠬᠠᠯᠪᠠᠭ᠎ᠠ ᠼᠤᠤ ᠬᠢᠵᠦ ᠤᠤᠭᠤᠪᠠᠯ ᠨᠣᠶᠢᠷ ᠨᠢ ᠰᠠᠶᠢᠵᠢᠷᠠᠨ᠎ᠠ᠃      ᠬᠠᠲᠠᠭᠠᠭᠰᠠᠨ ᠵᠦᠷᠵᠢ ᠶᠢᠨ ᠬᠠᠯᠢᠰᠤ ᠶᠢ ᠰᠢᠲᠠᠭᠠᠪᠠᠯ ᠭᠡᠷ ᠤᠨ ᠲᠤᠳᠤᠷᠠᠬᠢ ᠦᠮᠡᠬᠡᠢ ᠦᠨᠤᠷ ᠢ ᠠᠷᠢᠯᠭᠠᠬᠤ ᠪᠠ ᠪᠠᠲᠠᠭᠠᠨ᠎ᠠ ᠶᠢ ᠴᠦ ᠥᠯᠳᠡᠵᠦ ᠬᠥᠭᠡᠭᠡᠨ᠎ᠡ᠃      ᠬᠢᠲᠤᠭ᠎ᠠ ᠪᠢᠯᠡᠭᠦᠳᠡᠭᠦ ᠳᠡᠭᠡᠨ ᠬᠢᠲᠤᠭ᠎ᠠ ᠪᠠᠨ ᠲᠠᠪᠤᠰᠤ ᠲᠠᠢ ᠤᠰᠤᠨ ᠳᠤ ᠲᠡᠪᠳᠤᠭᠡᠵᠤ ᠪᠠᠶᠢᠭᠠᠳ ᠪᠢᠯᠡᠭᠦᠳᠡᠪᠡᠯ ᠬᠢᠯᠪᠠᠷᠬᠠᠨ ᠬᠤᠷᠴᠠ ᠪᠤᠯᠬᠤ ᠪᠦᠭᠡᠳ ᠲᠡᠰᠪᠦᠷᠢᠲᠡᠢ ᠪᠠᠶᠢᠳᠠᠭ᠃      ᠬᠤᠭᠤᠯᠠᠨ ᠭᠡᠷ ᠤᠨ ᠱᠠᠯᠠᠨ ᠤ ᠲᠤᠰᠤᠨ ᠭᠭᠢᠷ ᠢ ᠼᠤᠤ ᠬᠢᠭᠰᠡᠨ ᠵᠦᠯᠭᠦᠭᠦᠷ ᠢᠶᠠᠷ ᠵᠦᠯᠭᠦᠪᠡᠯ ᠬᠢᠯᠪᠠᠷᠬᠠᠨ ᠵᠦᠯᠭᠦᠭᠳᠡᠳᠡᠭ᠃      ᠠᠷᠠᠰᠤᠨ ᠱᠠᠬᠠᠢ ᠶᠢᠨ ᠲᠤᠰᠤ ᠶᠢ ᠬᠡᠷᠡᠭᠯᠡᠬᠦ ᠦᠭᠡᠢ ᠤᠳᠠᠪᠠᠯ ᠬᠠᠳᠠᠭᠤᠷᠠᠳᠠᠭ᠂ ᠭᠡᠳᠤᠨ ᠲᠤᠰᠤᠯ ᠦᠨᠢᠶᠠᠨ ᠰᠦ ᠲᠤᠰᠤᠭᠠᠪᠠᠯ ᠱᠠᠬᠠᠢ ᠶᠢᠨ ᠲᠤᠰᠤ ᠴᠢᠨᠢ ᠵᠥᠭᠡᠯᠡᠷᠡᠵᠦ ᠰᠢᠨ᠎ᠡ ᠲᠣᠰᠣ ᠲᠠᠢ ᠠᠳᠠᠯᠢ ᠪᠣᠯᠳᠠᠭ᠃      ᠳᠠᠪᠤᠰᠤᠯᠠᠭᠰᠠᠨ ᠨᠣᠭᠤᠭ᠎ᠠ ᠪᠤᠶᠤ ᠵᠢᠭᠠᠰᠤ ᠬᠢᠭᠰᠡᠨ ᠰᠠᠪᠠ ᠶᠢ ᠼᠤᠤ ᠲᠠᠢ ᠬᠠᠯᠠᠭᠤᠨ ᠤᠰᠤ ᠪᠠᠷ ᠤᠬᠢᠶᠠᠪᠠᠯ ᠥᠨᠥᠷ ᠨᠢ ᠠᠷᠢᠯᠳᠠᠭ᠃      ᠵᠢᠭᠠᠰᠤᠨ ᠤ ᠬᠠᠶᠢᠷᠰᠤ ᠶᠢ ᠬᠤᠰᠤᠵᠤ ᠠᠷᠢᠯᠭᠠᠬᠤ ᠳᠠᠭᠠᠨ ᠵᠢᠭᠠᠰᠤ ᠪᠠᠨ ᠼᠤᠤ ᠲᠠᠢ ᠤᠰᠤᠨ ᠳᠤ ᠪᠠᠭ᠋ᠠᠨ ᠲᠡᠪᠳᠤᠭᠡᠭᠡᠳ ᠬᠤᠰᠤᠪᠠᠯ ᠬᠠᠶᠢᠷᠰᠤ ᠨᠢ ᠬᠢᠯᠪᠠᠷ ᠠᠷᠢᠯᠤᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ