ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2022﹈69 ᠳ᠋ᠦ᠋ᠭᠡᠷ ᠲᠣᠭᠠᠲᠤ | 2022 ᠣᠨ ᠤ 12 ᠳ᠋ᠤᠭᠠᠷ ᠰᠠᠷ᠎ᠠ ᠶᠢᠨ 30 | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | | | | | ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ | | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠲᠥᠪ ᠭᠤᠥᠯᠴᠢ᠂ ᠦᠨᠡᠨᠴᠢ ᠢᠲᠡᠭᠡᠮᠵᠢᠲᠡᠢ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠡᠮᠬᠢ ᠳᠢᠭᠯᠢᠮ ᠢ ᠪᠠᠶᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠬᠠᠤᠯᠢ ᠶᠢ ᠬᠡᠷᠡᠭᠵᠢᠭᠦᠯᠬᠦ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ | ᠬᠠᠤᠯᠢ︾ ︽ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠶᠢ ᠬᠥᠬᠡᠬᠤᠲᠠ ᠶᠢᠨ ᠵᠠᠰᠠᠭ ᠵᠠᠬᠢᠷᠭᠠᠨ ᠤ ᠲᠣᠭᠤᠷᠢᠭ ᠤᠨ ᠳᠣᠲᠣᠷ᠎ᠠ ᠶᠠᠪᠤᠭᠤᠯᠬᠤ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠵᠢᠴᠢ ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠳᠤ ᠬᠡᠷᠡᠭᠯᠡᠵᠦ᠂ ᠢᠯᠡ ᠲᠣᠳᠣ᠂ ᠡᠷᠬᠡ ᠲᠡᠭᠰᠢ᠂ ᠲᠥᠪ ᠭᠤᠥᠯᠴᠢ᠂ ᠦᠨᠡᠨᠴᠢ | ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠨ᠎ᠠ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠤᠯᠠᠨ ᠨᠡᠶᠢᠲᠡ ᠶᠢᠨ ᠡᠬᠢ ᠪᠠᠶᠠᠯᠢᠭ ᠭᠡᠳᠡᠭ ᠨᠢ ᠤᠯᠠᠨ ᠨᠡᠶᠢᠲᠡ ᠶᠢᠨ ᠠᠰᠢᠭ ᠲᠤᠰᠠ᠂ | ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ ᠨᠡᠶᠢᠲᠡ ᠶᠢᠨ ᠥᠮᠴᠢᠯᠡᠯ ᠤᠨ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠡᠬᠢ ᠪᠠᠶᠠᠯᠢᠭ ᠢ | ᠵᠢᠭᠠᠵᠤ ᠪᠤᠢ᠃ᠲᠣᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠭᠡᠳᠡᠭ ᠨᠢ ᠭᠤᠣᠯᠳᠠᠭᠤ ᠬᠠᠤᠯᠢ ᠲᠣᠭᠲᠠᠭᠠᠯ | ᠶᠣᠰᠣᠭᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠣᠵᠤ ᠠᠷᠠᠯᠵᠢᠶᠠᠯᠠᠬᠤ ᠶᠣᠰᠣᠲᠠᠢ ᠣᠯᠠᠨ ᠨᠡᠶᠢᠲᠡ ᠶᠢᠨ ᠡᠬᠢ | ᠪᠠᠶᠠᠯᠢᠭ ᠢ ᠵᠢᠭᠠᠵᠤ ᠪᠣᠶ᠂ ᠡᠭᠦᠨ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠭᠠᠵᠠᠷ | ᠰᠢᠷᠣᠢ ᠬᠡᠷᠡᠭᠯᠡᠬᠦ ᠡᠷᠬᠡ ᠪᠠ ᠠᠭᠤᠷᠬᠠᠢ ᠶᠢᠨ ᠦᠢᠯᠡᠰ ᠤᠨ ᠡᠷᠬᠡ ᠶᠢ ᠰᠢᠯᠵᠢᠭᠦᠯᠦᠨ ᠬᠤᠳᠠᠯᠳᠤᠬᠤ᠂ ᠤᠯᠤᠰ ᠤᠨ ᠥᠮᠴᠢᠯᠡᠯᠲᠦ ᠡᠷᠬᠡ ᠶᠢᠨ ᠠᠷᠠᠯᠵᠢᠶ᠎ᠠ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠵᠢᠴᠢ ᠡᠮ ᠡᠮᠨᠡᠯᠭᠡ ᠶᠢᠨ ᠲᠥᠷᠥᠯ᠂ ᠣᠷᠴᠢᠨ ᠲᠣᠭᠤᠷᠢᠨ ᠤ ᠲᠥᠷᠥᠯ ᠵᠡᠷᠭᠡ ᠶᠢ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠭᠠᠷᠴᠠᠭ ᠲᠤ ᠣᠷᠣᠭᠤᠯᠬᠤ ᠶᠢ ᠪᠠᠭᠲᠠᠭᠠᠬᠤ ᠪᠥᠭᠡᠳ ᠬᠢᠵᠠᠭᠠᠷᠯᠠᠬᠤ ᠦᠭᠡᠢ᠃ | ᠳᠥᠷᠪᠡᠳᠦᠭᠡᠷ ᠵᠦᠢᠯ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠭᠠᠷᠴᠠᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠳᠠᠭᠠᠭᠠᠴᠢᠯᠠᠯᠲᠠ | ᠵᠠᠷᠯᠠᠬᠤ᠂ ᠥᠷᠢᠰᠦᠯᠳᠦᠭᠡᠨ ᠤ ᠴᠢᠨᠠᠷᠲᠠᠢ ᠬᠡᠯᠡᠯᠴᠡᠭᠡ ᠬᠢᠬᠦ᠂ ᠥᠷᠢᠰᠦᠯᠳᠦᠭᠡᠨ ᠤ ᠴᠢᠨᠠᠷᠲᠠᠢ ᠪᠠᠷ ᠵᠥᠪᠳᠡᠯᠴᠡᠬᠦ᠂ ᠦᠨ᠎ᠡ ᠯᠠᠪᠯᠠᠬᠤ᠂ ᠲᠠᠩ ᠭᠠᠭᠴᠠ ᠢᠷᠡᠯᠲᠡ ᠲᠠᠢ | ᠪᠠᠶᠢᠯᠭᠠᠬᠤ᠂ ᠦᠨ᠎ᠡ ᠥᠷᠢᠰᠦᠯᠳᠦᠭᠦᠯᠬᠦ᠂ ᠫᠠᠶᠢᠰᠠ ᠡᠯᠭᠦᠨ ᠬᠢᠮᠳᠠ ᠦᠨ᠎ᠡ ᠪᠠᠷ ᠬᠤᠳᠠᠯᠳᠤᠬᠤ ᠵᠡᠷᠭᠡ ᠠᠷᠭ᠎ᠠ ᠮᠠᠶ᠋ᠢᠭ ᠢ ᠬᠠᠤᠯᠢ ᠶᠣᠰᠣᠭᠠᠷ ᠠᠪᠴᠤ | ᠠᠷᠠᠯᠵᠢᠶᠠᠯᠠᠨ᠎ᠠ᠃ | ᠬᠤᠶᠠᠳᠤᠭᠠᠷ ᠪᠦᠯᠦᠭ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠢᠴᠢ ᠡᠭᠦᠷᠭᠡ ᠬᠠᠷᠢᠭᠤᠴᠠᠯᠭ᠎ᠠ | ᠲᠠᠪᠤᠳᠤᠭᠠᠷ ᠵᠦᠢᠯ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰ | ᠠᠷᠭ᠎ᠠ ᠶᠢ ᠦᠨᠳᠦᠰᠦᠯᠡᠨ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠠᠵᠢᠯᠯᠠᠭ᠎ᠠ ᠳᠤ ᠬᠠᠮᠲᠤ ᠶᠢᠨ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠶᠠᠪᠤᠴᠠ ᠳᠤ ᠡᠭᠦᠰᠦᠭᠰᠡᠨ | ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠤ ᠬᠠᠷᠢᠭᠤ ᠲᠤᠰᠬᠠᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠯᠠᠨ | ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠠᠵᠢᠯᠯᠠᠭ᠎ᠠ ᠶᠢᠨ ᠳᠤᠮᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ | ᠶᠣᠰᠣᠭᠠᠷ ᠰᠢᠳᠬᠡᠨ ᠲᠣᠷᠭᠠᠨ᠎ᠠ᠃ᠲᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ | ᠬᠠᠮᠢᠶᠠᠷᠤᠯᠲᠠ ᠶᠢᠨ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ︔ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠶᠢ ᠬᠦᠯᠢᠶᠡᠵᠦ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠢᠵᠢ ᠪᠦᠷᠢᠳᠦᠭᠦᠯᠬᠦ ᠣᠯᠠᠨ ᠨᠡᠶᠢᠲᠡ ᠶᠢᠨ ᠡᠬᠢ | ᠪᠠᠶᠠᠯᠢᠭ ᠢ ᠠᠷᠠᠯᠵᠢᠶᠠᠯᠠᠬᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠳᠤ ᠠᠵᠢᠯ ᠤᠨ ᠪᠠᠶᠢᠳᠠᠯ ᠢᠶᠠᠨ ᠮᠡᠳᠡᠭᠦᠯᠬᠦ ᠶᠢᠨ ᠬᠠᠮᠲᠤ ᠰᠠᠨᠠᠭᠤᠯᠭ᠎ᠠ ᠳᠤᠷᠠᠳᠤᠨ᠎ᠠ︔ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠠᠰᠠᠭᠤᠨ | ᠯᠠᠪᠯᠠᠬᠤ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ︔ | ︵ᠬᠤᠶᠠᠷ︶ ᠬᠤᠲᠠ ᠶᠢᠨ ᠳᠡᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠬᠠᠤᠯᠢ ᠶᠣᠰᠣᠭᠠᠷ ᠶᠡᠷᠦᠩᠬᠡᠶᠢᠯᠡᠭᠰᠡᠨ | ᠬᠢᠨᠠᠯᠲᠠ ᠬᠠᠮᠢᠶᠠᠷᠤᠯᠲᠠ ᠶᠠᠪᠤᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠣᠵᠤ ᠠᠷᠠᠯᠵᠢᠶᠠᠯᠠᠬᠤ ᠲᠥᠷᠥᠯ | ᠵᠦᠢᠯ ᠳᠤ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠶᠠᠪᠤᠴᠠ ᠳᠤ ᠬᠢᠨᠠᠯᠲᠠ ᠲᠠᠯᠪᠢᠵᠤ᠂ ᠪᠥᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠠᠵᠢᠯ ᠤᠨ ᠬᠢᠨᠠᠯᠲᠠ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠠᠵᠢᠯᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠪᠠ ᠰᠢᠯᠵᠢᠭᠦᠯᠦᠨ ᠭᠦᠢᠴᠡᠳᠬᠡᠬᠦ ᠵᠠᠭᠠᠯᠳᠤᠯᠭ᠎ᠠ ᠶᠢ ᠬᠠᠤᠯᠢ ᠶᠣᠰᠣᠭᠠᠷ ᠥᠷᠨᠢᠭᠦᠯᠦᠨ᠎ᠡ᠂ ᠬᠠᠤᠯᠢ ᠴᠠᠭᠠᠵᠠ᠂ | ᠬᠠᠤᠯᠢ ᠲᠣᠭᠲᠠᠭᠠᠯ ᠵᠢᠴᠢ ᠥᠪᠡᠷᠲᠡᠭᠡᠨ ᠵᠠᠰᠠᠬᠤ ᠣᠷᠣᠨ ᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ︔ | ︵ᠭᠤᠷᠪᠠ︶ ᠬᠤᠲᠠ ᠶᠢᠨ ᠳᠡᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠷᠠᠯᠵᠢᠶᠠᠨ ᠤ ᠠᠵᠢᠯᠯᠠᠭ᠎ᠠ ᠶᠢ | ᠵᠢᠯᠤᠭᠤᠳᠴᠤ᠂ ᠠᠷᠠᠯᠵᠢᠶ᠎ᠠ ᠶᠢᠨ ᠲᠥᠷᠥᠯ ᠵᠦᠢᠯ ᠳᠤ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠪᠠ ᠰᠢᠮᠳᠠᠭᠤᠯᠤᠨ ᠪᠠᠶᠢᠴᠠᠭᠠᠬᠤ ᠶᠢ ᠥᠷᠨᠢᠭᠦᠯᠵᠦ᠂ | ᠳᠠᠭᠠᠭᠠᠴᠢᠯᠠᠯᠲᠠ ᠵᠠᠷᠯᠠᠬᠤ ︵ᠬᠤᠳᠠᠯᠳᠤᠨ ᠠᠪᠬᠤ︶ ᠶᠢᠨ ᠣᠷᠣᠯᠠᠬᠤ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠠᠵᠢᠯᠯᠠᠭ᠎ᠠ ᠶᠢ ᠵᠢᠯᠤᠭᠤᠳᠬᠤ ᠪᠠ ᠬᠠᠮᠢᠶᠠᠷᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠳᠠᠭᠠᠭᠠᠴᠢᠯᠠᠯᠲᠠ ᠵᠠᠷᠯᠠᠬᠤ ᠠᠴᠠ ᠡᠮᠦᠨ᠎ᠡ ᠬᠢᠨᠠᠨ ᠵᠥᠪᠰᠢᠶᠡᠷᠡᠬᠦ ᠪᠠ ᠳᠠᠭᠠᠭᠠᠴᠢᠯᠠᠯᠲᠠ ᠵᠠᠷᠯᠠᠭᠰᠠᠨ ᠤ ᠳᠠᠷᠠᠭ᠎ᠠ ᠭᠡᠷ᠎ᠡ | ᠭᠦᠢᠴᠡᠳᠬᠡᠬᠦ ᠶᠠᠪᠤᠴᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ᠂ ᠬᠠᠮᠵᠢᠯᠴᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠶᠠᠪᠤᠴᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ | ︵ᠳᠥᠷᠪᠡ︶ ᠪᠥᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠬᠢᠨᠠᠯᠲᠠ ᠲᠠᠯᠪᠢᠬᠤ᠂ ᠬᠠᠮᠢᠶᠠᠷᠬᠤ ᠪᠠ ᠦᠢᠯᠡᠴᠢᠯᠡᠬᠦ | ᠲᠠᠪᠴᠠᠩ ᠢ ᠲᠦᠷᠦᠭᠦᠯᠡᠨ ᠪᠠᠶᠢᠭᠤᠯᠵᠤ᠂ ᠵᠠᠬ᠎ᠠ ᠳᠡᠯᠭᠡᠭᠦᠷ ᠤᠨ ᠮᠡᠳᠡᠭᠡ ᠵᠠᠩᠭᠢ᠂ ᠠᠷᠠᠯᠵᠢᠶ᠎ᠠ ᠶᠢᠨ ᠮᠡᠳᠡᠭᠡ ᠵᠠᠩᠭᠢ᠂ ᠭᠤᠣᠯ ᠴᠣᠭᠴᠠ ᠶᠢᠨ ᠢᠲᠡᠭᠡᠮᠵᠢ ᠶᠢᠨ | ᠮᠡᠳᠡᠭᠡ ᠵᠠᠩᠭᠢ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠵᠡᠷᠭᠡ ᠶᠢ ᠡᠮᠬᠢᠯᠡᠨ ᠨᠡᠶᠢᠯᠡᠭᠦᠯᠵᠦ ᠬᠠᠮᠲᠤᠪᠠᠷ ᠬᠦᠷᠲᠡᠵᠦ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠮᠡᠳᠡᠭᠡ ᠵᠠᠩᠭᠢᠵᠢᠯᠲᠠ ᠶᠢ ᠠᠬᠢᠭᠤᠯᠤᠨ᠎ᠠ︔ | ︵ᠲᠠᠪᠤ︶ ᠪᠥᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠢᠲᠡᠭᠡᠮᠵᠢ ᠶᠢᠨ ᠰᠢᠰᠲ᠋ᠧᠮᠵᠢ ᠶᠢ ᠲᠦᠷᠦᠭᠦᠯᠡᠨ ᠪᠠᠶᠢᠭᠤᠯᠤᠨ᠎ᠠ | ︔ ᠳᠠᠭᠠᠭᠠᠴᠢᠯᠠᠯᠲᠠ ᠵᠠᠷᠯᠠᠬᠤ ︵ᠬᠤᠳᠠᠯᠳᠤᠨ ᠠᠪᠬᠤ︶ ᠬᠥᠮᠥᠨ᠂ ᠳᠠᠭᠠᠭᠠᠴᠢᠯᠠᠯᠲᠠ ᠵᠠᠷᠯᠠᠬᠤ ︵ᠬᠤᠳᠠᠯᠳᠤᠨ ᠠᠪᠬᠤ︶ ᠶᠢᠨ ᠣᠷᠣᠯᠠᠬᠤ ᠪᠠᠶᠢᠭᠤᠯᠤᠮᠵᠢ᠂ | ᠳᠠᠭᠠᠭᠠᠴᠢᠯᠠᠯᠲᠠ ᠬᠦᠯᠢᠶᠡᠭᠴᠢ᠂ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ᠤ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠵᠤ᠂ ᠠᠷᠠᠯᠵᠢᠶᠠᠨ ᠤ | ᠭᠤᠣᠯ ᠴᠣᠭᠴᠠ ᠶᠢᠨ ᠢᠲᠡᠭᠡᠮᠵᠢ ᠶᠢᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠮᠵᠢ ᠶᠢᠨ ᠰᠢᠯᠭᠠᠨ ᠬᠢᠨᠠᠵᠤ ᠦᠨᠡᠯᠡᠬᠦ ᠶᠢ | ᠥᠷᠨᠢᠭᠦᠯᠦᠨ᠎ᠡ︔ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠶᠠᠪᠤᠴᠠ ᠳᠠᠬᠢ ᠢᠲᠡᠭᠡᠯ ᠠᠯᠳᠠᠭᠰᠠᠨ ᠠᠵᠢᠯᠯᠠᠭ᠎ᠠ ᠳᠤ ᠬᠢᠨᠠᠯᠲᠠ ᠲᠠᠯᠪᠢᠬᠤ ᠶᠢ | ᠬᠠᠷᠢᠭᠤᠴᠠᠵᠤ᠂ ᠠᠷᠠᠯᠵᠢᠶ᠎ᠠ ᠶᠢᠨ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠡᠮᠳᠡᠭᠯᠡᠵᠦ᠂ ᠲᠣᠭᠲᠠᠭᠠᠯ ᠠᠴᠠ ᠵᠥᠷᠢᠴᠡᠨ ᠢᠲᠡᠭᠡᠯ | ᠠᠯᠳᠠᠭᠰᠠᠨ ᠭᠤᠣᠯ ᠴᠣᠭᠴᠠ ᠶᠢ ᠬᠠᠤᠯᠢ ᠶᠣᠰᠣᠭᠠᠷ ᠢᠯᠡ ᠨᠡᠶᠢᠲᠡᠯᠡᠵᠦ᠂ ᠠᠷᠠᠯᠵᠢᠶ᠎ᠠ ᠶᠢᠨ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ | ᠰᠣᠯᠢᠯᠴᠠᠵᠤ ᠬᠠᠮᠲᠤᠪᠠᠷ ᠭᠥᠷᠳᠡᠬᠦ ᠶᠢ ᠠᠬᠢᠭᠤᠯᠤᠨ᠎ᠠ︔ | ︵ᠵᠢᠷᠭᠤᠭ᠎ᠠ︶ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠬᠥᠳᠡᠯᠦᠩᠭᠦᠢ ᠬᠠᠮᠢᠶᠠᠷᠤᠯᠲᠠ ᠪᠠ ᠶᠡᠷᠦᠩᠬᠡᠶᠢᠯᠡᠨ ᠬᠢᠨᠠᠨ | ᠰᠢᠯᠭᠠᠬᠤ ᠶᠢ ᠬᠠᠷᠢᠭᠤᠴᠠᠵᠤ᠂ ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠬᠠᠮᠵᠢᠨ ᠲᠡᠭᠦᠨ ᠤ ᠠᠵᠢᠯ | ᠲᠥᠷᠥᠯ ᠤᠨ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠳᠤ ᠪᠣᠯᠪᠠᠰᠤᠷᠠᠭᠤᠯᠤᠯ ᠪᠠ ᠰᠢᠯᠭᠠᠨ ᠲᠣᠭᠲᠠᠭᠠᠯᠲᠠ ᠬᠢᠵᠦ᠂ | ᠬᠤᠲᠠ ᠶᠢᠨ ᠱᠠᠲᠤᠨ ᠤ ᠠᠷᠠᠯᠵᠢᠶᠠᠨ ᠤ ᠲᠠᠪᠴᠠᠩ ᠤᠨ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠲᠣᠭᠲᠠᠭᠠᠯ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠮᠠᠭᠠᠳᠯᠠᠨ ᠲᠣᠭᠲᠠᠭᠠᠬᠤ ᠪᠠ ᠰᠢᠢᠳᠪᠦᠷᠢᠯᠡᠨ᠎ᠡ᠃ | ᠵᠢᠷᠭᠤᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶᠠᠨ | ᠳᠠᠬᠢ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠦᠢᠯᠡᠴᠢᠯᠡᠭᠡᠨ ᠤ ᠲᠥᠪ ᠪᠣᠯ ᠮᠠᠨ ᠤ ᠬᠤᠲᠠ ᠶᠢᠨ ᠵᠠᠰᠠᠭ ᠵᠠᠬᠢᠷᠭᠠᠨ ᠤ | ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠯᠠᠪᠤᠷ ᠭᠠᠵᠠᠷ ᠪᠣᠯᠣᠨ᠎ᠠ᠃ ᠭᠤᠣᠯᠳᠠᠭᠤ ᠳᠣᠣᠷᠠᠬᠢ ᠮᠡᠲᠦ ᠦᠢᠯᠡᠴᠢᠯᠡᠭᠡᠨ ᠤ ᠡᠭᠦᠷᠭᠡ | ᠴᠢᠳᠠᠪᠤᠷᠢ ᠶᠢ ᠬᠠᠩᠭᠠᠨ᠎ᠠ᠄ | ︵ᠨᠢᠭᠡ︶ ᠬᠠᠮᠢᠶ᠎ᠠ ᠪᠦᠬᠦᠢ ᠲᠠᠯᠠᠪᠤᠷ ᠭᠠᠵᠠᠷ᠂ ᠪᠡᠯᠡᠳᠬᠡᠮᠵᠢ ᠪᠠ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ | ᠦᠨᠳᠦᠰᠦᠯᠡᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ ᠴᠢᠬᠤᠯᠠ ᠪᠦᠬᠦᠢ ᠲᠠᠯᠠᠪᠤᠷ ᠲᠤ ᠣᠷᠣᠬᠤ ᠳᠡᠩᠰᠡᠯᠡᠨ ᠲᠡᠮᠳᠡᠭᠯᠡᠬᠦ᠂ | ᠮᠡᠳᠡᠭᠡ ᠵᠠᠩᠭᠢ ᠨᠡᠶᠢᠲᠡᠯᠡᠬᠦ᠂ ᠠᠷᠠᠯᠵᠢᠶᠠᠯᠠᠬᠤ ᠶᠢ ᠬᠡᠷᠡᠭᠵᠢᠭᠦᠯᠬᠦ᠂ ᠦᠷ᠎ᠡ ᠳ᠋ᠦᠩ ᠢ ᠢᠯᠡ ᠨᠡᠶᠢᠲᠡᠯᠡᠬᠦ ᠵᠡᠷᠭᠡ ᠠᠷᠠᠯᠵᠢᠶ᠎ᠠ ᠶᠢᠨ ᠦᠢᠯᠡᠴᠢᠯᠡᠭᠡᠨ ᠤ ᠠᠵᠢᠯ ᠢ | ᠬᠠᠩᠭᠠᠨ᠎ᠠ᠃ᠪᠥᠬᠦ ᠶᠠᠪᠤᠴᠠ ᠶᠢᠨ ᠡᠯᠧᠺᠲᠷᠤᠨᠴᠢᠯᠡᠭᠰᠡᠨ ᠠᠷᠠᠯᠵᠢᠶ᠎ᠠ ᠶᠢ ᠢᠳᠡᠪᠬᠢᠲᠡᠢ ᠠᠬᠢᠭᠤᠯᠵᠤ᠂ ᠡᠯᠧᠺᠲᠷᠤᠨᠴᠢᠯᠡᠭᠰᠡᠨ ᠳᠥᠭᠦᠮ ᠳᠥᠲᠡ ᠦᠢᠯᠡᠴᠢᠯᠡᠭᠡ ᠶᠢ | ᠬᠠᠩᠭᠠᠨ᠂ ᠪᠥᠬᠦ ᠶᠠᠪᠤᠴᠠ ᠶᠢᠨ᠂ ᠪᠥᠬᠦ ᠲᠠᠯ᠎ᠠ ᠶᠢᠨ᠂ ᠪᠦᠬᠦᠨ ᠢ ᠬᠠᠮᠤᠷᠤᠭᠰᠠᠨ᠂ ᠪᠦᠬᠦᠨ ᠢ ᠰᠡᠷᠭᠡᠶᠢᠯᠡᠨ ᠡᠵᠡᠮᠳᠡᠬᠦ ᠰᠦᠯᠵᠢᠶᠡᠨ ᠳᠡᠭᠡᠷᠡᠬᠢ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠢ ᠪᠣᠶ ᠪᠣᠯᠭᠠᠨ᠎ᠠ︔ | ︵ᠬᠤᠶᠠᠷ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠶᠢᠨ ᠡᠮᠬᠢ ᠳᠢᠭᠯᠢᠮ ᠤᠨ | ᠬᠠᠮᠢᠶᠠᠷᠤᠯᠲᠠ ᠶᠢ ᠬᠠᠷᠢᠭᠤᠴᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠳᠦᠷᠢᠮ᠂ ᠲᠤᠬᠠᠢ ᠶᠢᠨ ᠲᠠᠯᠠᠪᠠᠶ ᠶᠢᠨ ᠬᠠᠮᠢᠶᠠᠷᠤᠯᠲᠠ ᠶᠢᠨ | ᠳᠦᠷᠢᠮ ᠪᠠ ᠠᠵᠢᠯ ᠤᠨ ᠴᠤᠪᠤᠷᠠᠯ ᠢ ᠬᠡᠷᠡᠭᠵᠢᠭᠦᠯᠵᠦ᠂ ᠠᠷᠠᠯᠵᠢᠶᠠᠯᠠᠬᠤ ᠶᠠᠪᠤᠴᠠ ᠶᠢᠨ ᠬᠠᠮᠢᠶ᠎ᠠ ᠪᠦᠬᠦᠢ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠤᠨ | ᠳᠠᠩᠰᠠᠯᠠᠭᠤᠯᠤᠨ᠎ᠠ︔ | ︵ᠭᠤᠷᠪᠠ︶ ᠬᠠᠮᠢᠶ᠎ᠠ ᠪᠦᠬᠦᠢ ᠲᠣᠭᠲᠠᠭᠠᠯ ᠶᠣᠰᠣᠭᠠᠷ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠠᠵᠢᠯ ᠳᠤ | ᠭᠠᠷᠤᠭᠰᠠᠨ ᠪᠠᠶᠢᠳᠠᠯ ᠪᠠ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ ᠠᠵᠢᠯᠯᠠᠭ᠎ᠠ ᠶᠢᠨ ᠶᠠᠪᠤᠴᠠ ᠶᠢ ᠲᠡᠮᠳᠡᠭᠯᠡᠵᠦ᠂ ᠳᠠᠭᠠᠭᠠᠴᠢᠯᠠᠯᠲᠠ ᠦᠨᠡᠯᠡᠵᠦ ᠬᠢᠨᠠᠨ | ᠲᠣᠭᠲᠠᠭᠠᠬᠤ ᠲᠤᠰᠬᠠᠢ ᠮᠡᠷᠭᠡᠵᠢᠯᠲᠡᠨ ᠢ ᠲᠤᠬᠠᠢ ᠶᠢᠨ ᠲᠠᠯᠠᠪᠤᠷ ᠲᠤᠨᠢ ᠬᠠᠮᠢᠶᠠᠷᠬᠤ ᠶᠢᠨ ᠬᠠᠮᠲᠤ ᠬᠡᠪ ᠤᠨ ᠪᠤᠰᠤ ᠪᠠᠶᠢᠳᠠᠯ ᠢ ᠬᠤᠲᠠ ᠶᠢᠨ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠴᠠᠭ ᠲᠤᠬᠠᠢ ᠳᠤᠨᠢ ᠬᠠᠷᠢᠭᠤ ᠲᠤᠰᠬᠠᠨ᠎ᠠ︔ | ︵ᠳᠥᠷᠪᠡ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠨᠡᠶᠢᠲᠡᠯᠡᠵᠦ᠂ ᠠᠷᠠᠯᠵᠢᠶ᠎ᠠ ᠶᠢᠨ | ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠵᠠᠳᠠᠯᠵᠤ᠂ ᠶᠡᠷᠦᠩᠬᠡᠶᠢᠯᠡᠨ ᠠᠰᠢᠭᠯᠠᠬᠤ ᠪᠠ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠦᠨ᠎ᠡ︔ | ︵ᠲᠠᠪᠤ︶ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠣᠨ ᠠᠵᠢᠯ | ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠠᠯᠠᠪᠤᠷ ᠳᠣᠲᠣᠷᠠᠬᠢ ᠠᠷᠠᠯᠵᠢᠶ᠎ᠠ ᠶᠢᠨ ᠠᠵᠢᠯᠯᠠᠭ᠎ᠠ ᠶᠢᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠮᠡᠳᠡᠭᠦᠯᠬᠦ ᠶᠢᠨ ᠬᠠᠮᠲᠤ᠂ ᠬᠠᠮᠵᠢᠨ ᠪᠠᠶᠢᠴᠠᠭᠠᠵᠤ ᠰᠢᠢᠳᠪᠦᠷᠢᠯᠡᠨ᠎ᠡ᠃ | ᠳᠣᠯᠣᠳᠤᠭᠠᠷ ᠵᠦᠢᠯ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠤ ᠶᠠᠪᠤᠳᠠᠯ᠂ ᠣᠶ ᠰᠢᠭᠤᠢ ᠪᠠ ᠨᠤᠲᠤᠭ ᠪᠡᠯᠴᠢᠭᠡᠷ᠂ | ᠲᠠᠷᠢᠶᠠᠯᠠᠩ ᠮᠠᠯ ᠠᠵᠤ ᠠᠬᠤᠢ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ | ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠠᠵᠢᠯᠯᠠᠭ᠎ᠠ ᠶᠢᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠬᠤ | ᠬᠡᠷᠡᠭᠲᠡᠢ᠃ᠳᠣᠣᠷ᠎ᠠ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠪᠣᠳᠠᠲᠠᠢ ᠭᠦᠢᠴᠡᠳᠬᠡᠨ᠎ᠡ᠄ | ︵ᠨᠢᠭᠡ︶ ᠲᠣᠰ ᠠᠵᠢᠯ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠬᠤᠯᠪᠣᠭᠳᠠᠯ ᠪᠦᠬᠦᠢ ᠠᠷᠠᠯᠵᠢᠶᠠᠨ ᠤ ᠳᠦᠷᠢᠮ᠂ ᠦᠢᠯᠡᠴᠢᠯᠡᠭᠡᠨ ᠤ | ᠴᠤᠪᠤᠷᠠᠯ ᠪᠠ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠳᠤ ᠣᠷᠣᠯᠴᠠᠵᠤ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠵᠢᠯᠴᠠᠨ ᠲᠣᠰ ᠠᠵᠢᠯ ᠲᠥᠷᠥᠯ ᠤᠨ ᠲᠠᠯᠠᠪᠤᠷ ᠲᠤ ᠣᠷᠣᠬᠤ ᠲᠥᠷᠥᠯ ᠵᠦᠢᠯ ᠤᠨ | ᠠᠷᠠᠯᠵᠢᠶ᠎ᠠ ᠳᠤ ᠬᠢᠨᠠᠯᠲᠠ ᠲᠠᠯᠪᠢᠬᠤ᠂ ᠭᠡᠷ᠎ᠡ ᠭᠦᠢᠴᠡᠳᠬᠡᠬᠦ ᠶᠢ ᠬᠢᠨᠠᠨ ᠬᠠᠮᠢᠶᠠᠷᠬᠤ ᠪᠠ ᠵᠠᠰᠠᠭ ᠵᠠᠬᠢᠷᠭᠠᠨ ᠤ ᠰᠢᠳᠬᠡᠯ ᠥᠭᠬᠦ ᠵᠡᠷᠭᠡ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠨ᠎ᠡ︔ | ︵ᠬᠤᠶᠠᠷ︶ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠣᠰ ᠠᠵᠢᠯ ᠲᠥᠷᠥᠯ ᠤᠨ ᠢᠶᠠᠨ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶ᠎ᠠ ᠶᠢᠨ ᠭᠠᠷᠴᠠᠭ ᠤᠨ ᠳᠣᠲᠣᠷᠠᠬᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠷᠥᠯ ᠵᠦᠢᠯ ᠢ ᠲᠠᠪᠴᠠᠩ ᠤᠨ | ᠠᠷᠠᠯᠵᠢᠶ᠎ᠠ ᠳᠤ ᠨᠢᠭᠡᠳᠦᠯᠲᠡᠢ ᠣᠷᠣᠭᠤᠯᠬᠤ ᠶᠢ ᠵᠣᠬᠢᠶᠠᠨ ᠪᠠᠶᠢᠭᠤᠯᠵᠤ ᠬᠢᠨᠠᠯᠲᠠ ᠲᠠᠯᠪᠢᠨ᠎ᠠ︔ | ︵ᠭᠤᠷᠪᠠ︶ ᠲᠥᠷᠥᠯ ᠵᠦᠢᠯ ᠤᠨ ᠬᠡᠷᠡᠭᠴᠡᠭᠡ ᠶᠢ ᠦᠨᠳᠦᠰᠦᠯᠡᠨ ᠠᠷᠠᠯᠵᠢᠶᠠᠯᠠᠬᠤ ᠶᠠᠪᠤᠴᠠ ᠳᠤ ᠬᠢᠨᠠᠯᠲᠠ ᠲᠠᠯᠪᠢᠵᠤ᠂ ᠬᠤᠲᠠ ᠶᠢᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠵᠢᠯᠴᠠᠨ ᠲᠣᠰ ᠠᠵᠢᠯ ᠲᠥᠷᠥᠯ ᠤᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠷᠥᠯ ᠵᠦᠢᠯ ᠳᠤ ᠬᠥᠮᠥᠨ ᠲᠣᠮᠢᠯᠠᠨ ᠲᠤᠬᠠᠢ ᠶᠢᠨ ᠲᠠᠯᠠᠪᠤᠷ ᠲᠤ ᠣᠴᠢᠭᠤᠯᠬᠤ ᠪᠤᠶᠤ ᠡᠯᠧᠺᠲᠷᠣᠨ | ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠰᠢᠰᠲ᠋ᠧᠮ ᠢᠶᠠᠷ ᠳᠠᠮᠵᠢᠭᠤᠯᠤᠨ ᠲᠤᠬᠠᠢ ᠶᠢᠨ ᠲᠠᠯᠠᠪᠤᠷ ᠲᠤᠨᠢ ᠬᠢᠨᠠᠯᠲᠠ ᠲᠠᠯᠪᠢᠨ᠎ᠠ︔ | ︵ᠳᠥᠷᠪᠡ︶ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ ᠵᠢᠭᠠᠨ ᠲᠣᠭᠲᠠᠭᠠᠭᠰᠠᠨ | ᠵᠠᠭᠤᠴᠢᠯᠠᠭᠤᠷ ᠲᠤ ᠳᠠᠭᠠᠭᠠᠴᠢᠯᠠᠯᠲᠠ ᠵᠠᠷᠯᠠᠬᠤ ᠠᠯᠪᠠᠨ ᠵᠠᠷ᠂ ᠳᠠᠭᠠᠭᠠᠴᠢᠯᠠᠯᠲᠠ ᠵᠠᠷᠯᠠᠬᠤ ︵ᠬᠤᠳᠠᠯᠳᠤᠨ ᠠᠪᠬᠤ︶ ᠪᠢᠴᠢᠭ ᠮᠠᠲ᠋ᠧᠷᠢᠶᠠᠯ᠂ ᠳᠠᠭᠠᠭᠠᠴᠢᠯᠠᠯᠲᠠ | ᠣᠯᠣᠭᠰᠠᠨ ︵ᠠᠷᠠᠯᠵᠢᠶ᠎ᠠ ᠪᠦᠲᠦᠭᠰᠡᠨ︶ ᠮᠡᠳᠡᠭᠡ ᠵᠠᠩᠭᠢ᠂ ᠬᠤᠪᠢᠷᠠᠭᠤᠯᠤᠭᠰᠠᠨ ᠮᠡᠳᠡᠭᠡ ᠵᠠᠩᠭᠢ᠂ ᠢᠲᠡᠭᠡᠮᠵᠢ ᠶᠢᠨ ᠱᠠᠩᠨᠠᠵᠤ ᠲᠣᠷᠭᠠᠬᠤ ᠵᠢᠴᠢ ᠬᠤᠯᠪᠣᠭᠳᠠᠯ | ᠪᠦᠬᠦᠢ ᠬᠠᠤᠯᠢ ᠲᠣᠭᠲᠠᠭᠠᠯ ᠠᠴᠠ ᠵᠥᠷᠢᠴᠡᠭᠰᠡᠨ ᠰᠢᠳᠬᠡᠯ ᠵᠡᠷᠭᠡ ᠬᠠᠤᠯᠢ ᠶᠣᠰᠣᠭᠠᠷ ᠢᠯᠡ ᠪᠣᠯᠭᠠᠬᠤ ᠬᠡᠷᠡᠭᠲᠡᠢ ᠮᠡᠳᠡᠭᠡ ᠵᠠᠩᠭᠢ ᠶᠢ ᠨᠡᠶᠢᠲᠡᠯᠡᠨ᠎ᠡ᠃ᠲᠣᠰ | ᠠᠵᠢᠯ ᠲᠥᠷᠥᠯ ᠤᠨ ᠢᠶᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠣᠵᠤ ᠠᠷᠠᠯᠵᠢᠶᠠᠯᠠᠬᠤ ᠲᠥᠷᠥᠯ ᠵᠦᠢᠯ ᠤᠨ ᠮᠡᠳᠡᠭᠡ | ᠵᠠᠩᠭᠢ ᠶᠢ ᠢᠯᠡ ᠪᠣᠯᠭᠠᠬᠤ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠠᠷᠢᠯᠴᠠᠨ ᠨᠡᠪᠲᠡᠷᠡᠯᠴᠡᠵᠦ ᠬᠠᠮᠲᠤᠪᠠᠷ | ᠭᠥᠷᠳᠡᠬᠦ ᠶᠢ ᠲᠦᠯᠬᠢᠨ ᠠᠬᠢᠭᠤᠯᠵᠤᠪ᠂ ᠲᠣᠰ ᠠᠵᠢᠯ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠣᠵᠤ | ᠠᠷᠠᠯᠵᠢᠶᠠᠯᠠᠬᠤ ᠲᠥᠷᠥᠯ ᠵᠦᠢᠯ ᠤᠨ ᠬᠠᠤᠯᠢ ᠶᠣᠰᠣᠨ ᠤ ᠪᠠ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠨ᠎ᠠ︔ | ︵ᠲᠠᠪᠤ︶ ᠲᠤᠰ ᠠᠵᠢᠯ ᠲᠥᠷᠥᠯ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠤᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠡ ᠶᠢᠨ ᠠᠵᠢᠯᠯᠠᠭ᠎ᠠ ᠶᠢᠨ ᠬᠡᠷᠡᠭᠵᠢᠭᠦᠯᠦᠯᠲᠡ ᠶᠢ ᠵᠢᠯᠤᠭᠤᠳᠴᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠤᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠬᠠᠮᠲᠤᠷᠠᠭᠰᠠᠨ ᠬᠤᠷᠠᠯ ᠢ ᠰᠠᠨᠠᠭᠠᠴᠢᠯᠠᠬᠤ ᠪᠤᠶᠤ ᠲᠡᠭᠦᠨ ᠳᠤ ᠣᠷᠣᠯᠴᠠᠨ᠎ᠠ᠃ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠬᠠᠮᠵᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠵᠢᠯᠴᠠᠨ ᠬᠢᠨᠠᠨ | ᠬᠠᠮᠢᠶᠠᠷᠬᠤ᠂ ᠬᠤᠯᠪᠤᠭᠠᠯᠠᠨ ᠬᠥᠳᠡᠯᠦᠯᠴᠡᠵᠦ ᠬᠢᠨᠠᠨ ᠬᠠᠮᠢᠶᠠᠷᠬᠤ ᠪᠠᠶᠢᠭᠤᠯᠤᠯ ᠲᠣᠭᠲᠠᠴᠠ ᠶᠢ ᠪᠠᠶᠢᠭᠤᠯᠬᠤ᠂ ᠪᠠᠲᠤᠯᠠᠬᠤ ᠪᠠ ᠲᠡᠭᠦᠯᠳᠡᠷᠵᠢᠭᠦᠯᠦᠨ᠎ᠡ᠃ | ᠨᠠᠢᠮᠠᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠬᠠᠷᠢᠶᠠᠨ ᠳᠠᠬᠢ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠬᠤᠳᠠᠯᠳᠤᠨ ᠠᠪᠬᠤ ᠬᠠᠤᠯᠢ︾ ᠵᠢᠴᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠶᠢᠨ | ᠬᠠᠮᠢᠶ᠎ᠠ ᠪᠦᠬᠦᠢ ᠡᠭᠦᠷᠭᠡ ᠴᠢᠳᠠᠪᠤᠷᠢ ᠶᠢ ᠡᠭᠦᠷᠭᠡᠯᠡᠨ᠎ᠡ᠃ | ᠭᠤᠷᠪᠠᠳᠤᠭᠠᠷ ᠪᠦᠯᠦᠭ ᠡᠷᠠᠯᠵᠢᠶᠠᠯᠠᠬᠤ ᠬᠦᠷᠢᠶ᠎ᠡ ᠬᠡᠪᠴᠢᠶ᠎ᠡ | ᠶᠢᠰᠦᠳᠦᠭᠡᠷ ᠵᠦᠢᠯ ᠲᠤᠰ ᠱᠠᠲᠤᠨ ᠤ ᠠᠷᠠᠯᠵᠢᠶᠠᠨ ᠤ ᠭᠠᠷᠴᠠᠭ ᠤᠨ ᠬᠡᠪᠴᠢᠶ᠎ᠡ ᠪᠠ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ ᠶᠢ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ ᠬᠥᠳᠡᠯᠦᠩᠭᠦᠢ ᠲᠣᠬᠢᠷᠠᠭᠤᠯᠤᠯᠲᠠ ᠬᠢᠵᠦ᠂ ᠨᠠᠶᠢᠷᠠᠭᠤᠯᠤᠨ ᠵᠣᠬᠢᠶᠠᠬᠤ ᠪᠠ ᠵᠠᠰᠠᠪᠤᠷᠢ | ᠣᠷᠣᠭᠤᠯᠬᠤ ᠶᠢ ᠬᠤᠳᠠ ᠶᠢᠨ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠲᠤᠭᠤᠷᠪᠢᠨ ᠲᠣᠭᠲᠠᠭᠠᠵᠤ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ | ᠳᠠᠷᠠᠭ᠎ᠠ ᠨᠡᠶᠢᠲᠡᠯᠡᠨ ᠬᠡᠷᠡᠭᠵᠢᠭᠦᠯᠦᠨ᠎ᠡ᠃ | ᠠᠷᠪᠠᠳᠤᠭᠠᠷ ᠵᠦᠢᠯ ᠳᠣᠣᠷᠠᠬᠢ ᠮᠡᠲᠦ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠠᠷᠠᠯᠵᠢᠶᠠᠨ ᠤ ᠭᠠᠷᠴᠠᠭ ᠲᠤ ᠣᠷᠣᠭᠤᠯᠬᠤ ᠬᠡᠷᠡᠭᠲᠡᠢ᠄ | ︵ᠨᠢᠭᠡ︶ ᠬᠠᠤᠯᠢ ᠶᠣᠰᠣᠭᠠᠷ ᠵᠠᠪᠠᠯ ᠳᠠᠭᠠᠭᠠᠴᠢᠯᠠᠯᠲᠠ ᠵᠠᠷᠯᠠᠬᠤ ᠶᠣᠰᠣᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︔ | ︵ᠬᠤᠶᠠᠷ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠲᠤ ᠣᠷᠣᠭᠤᠯᠤᠭᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ︔ | ︵ᠭᠤᠷᠪᠠ︶ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠪᠠ ᠠᠭᠤᠷᠬᠠᠢ ᠶᠢᠨ ᠦᠢᠯᠡᠰ ᠤᠨ ᠡᠷᠬᠡ ᠶᠢ ᠰᠢᠯᠵᠢᠭᠦᠯᠦᠨ ᠬᠤᠳᠠᠯᠳᠤᠬᠤ | ᠠᠷᠠᠯᠵᠢᠶᠠᠨ ᠤ ᠲᠥᠷᠥᠯ ᠵᠦᠢᠯ︔ | ︵ᠳᠥᠷᠪᠡ︶ ᠤᠯᠤᠰ ᠤᠨ ᠥᠮᠴᠢᠯᠡᠯ ᠤᠨ ᠥᠮᠴᠢᠯᠡᠬᠦ ᠡᠷᠬᠡ᠂ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ᠂ ᠡᠳ᠋ ᠬᠥᠷᠥᠩᠭᠡ ᠶᠢ ᠲᠦᠷᠢᠶᠡᠰᠦᠯᠡᠭᠦᠯᠬᠦ | ᠂ ᠬᠠᠮᠲᠤ ᠶᠢᠨ ᠥᠮᠴᠢᠯᠡᠬᠦ ᠡᠷᠬᠡ᠂ ᠬᠠᠮᠠᠭᠠᠯᠠᠭᠳᠠᠬᠤ ᠲᠥᠷᠥᠯ ᠤᠨ ᠡᠳ᠋ ᠬᠥᠷᠥᠩᠭᠡ ᠶᠢᠨ ᠠᠷᠠᠯᠵᠢᠶᠠᠨ ᠤ ᠲᠥᠷᠥᠯ ᠵᠦᠢᠯ ︵ᠬᠠᠤᠯᠢ ᠴᠠᠭᠠᠵᠠ ᠳᠤ ᠠᠰᠲᠠᠭᠠᠨ | ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ︶︔ | ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠨ ᠤ ᠭᠠᠷᠴᠠᠭ ᠲᠤ | ᠵᠢᠭᠰᠠᠭᠠᠨ ᠣᠷᠣᠭᠤᠯᠬᠤ ᠬᠡᠷᠡᠭᠲᠡᠢ ᠪᠤᠰᠤᠳ ᠲᠥᠷᠥᠯ ᠵᠦᠢᠯ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠤᠯᠠᠨ ᠨᠡᠶᠢᠳᠡ ᠶᠢᠨ ᠡᠬᠢ ᠪᠠᠶᠠᠯᠢᠭ ᠢ ᠠᠷᠠᠯᠵᠢᠶᠠᠨ ᠤ ᠲᠠᠪᠴᠠᠩ ᠳᠤ | ᠣᠷᠣᠵᠤ ᠠᠷᠠᠯᠵᠢᠶᠠᠯᠠᠬᠤ ᠬᠡᠷᠡᠭᠲᠡᠢ ᠪᠤᠰᠤᠳ ᠠᠷᠠᠯᠵᠢᠶᠠᠯᠠᠭ ᠲᠥᠷᠥᠯ ᠵᠦᠢᠯ᠃ | ᠠᠷᠪᠠᠨ ᠨᠢᠭᠡᠳᠦᠭᠡᠷ ᠵᠦᠢᠯ ᠠᠷᠠᠯᠵᠢᠶᠠᠨ ᠤ ᠭᠠᠷᠴᠠᠭ ᠲᠤ ᠵᠢᠭᠰᠠᠭᠠᠨ ᠣᠷᠣᠭᠤᠯᠤᠭᠰᠠᠨ ᠤᠯᠠᠨ ᠨᠡᠶᠢᠲᠠ ᠶᠢᠨ ᠡᠬᠢ ᠪᠠᠶᠠᠯᠢᠭ ᠢ ᠠᠷᠠᠯᠵᠢᠶᠠᠯᠠᠬᠤ | ᠲᠥᠷᠥᠯ ᠵᠦᠢᠯ ᠪᠥᠬᠦᠨ ᠢ ᠴᠥᠮ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠭᠤᠯᠵᠤ ᠠᠷᠠᠯᠵᠢᠶᠠᠯᠠᠭ ᠬᠡᠷᠡᠭᠲᠡᠢ᠃ | ᠠᠷᠪᠠᠨ ᠬᠤᠶᠠᠳᠤᠭᠠᠷ ᠵᠦᠢᠯ ᠤᠯᠤᠰ ᠤᠨ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠠᠶᠤᠯ ᠭᠠᠮᠰᠢᠭ ᠠᠴᠠ ᠠᠪᠤᠷᠠᠬᠤ ᠵᠢᠴᠢ ᠪᠤᠰᠤᠳ | ᠣᠨᠴᠠᠭᠠᠢ ᠰᠢᠯᠲᠠᠭᠠᠨ ᠠᠴᠠ ᠪᠣᠯᠵᠤ ᠲᠣᠰ ᠠᠷᠭ᠎ᠠ ᠶᠢᠨ ᠲᠣᠭᠲᠠᠭᠠᠯ ᠶᠣᠰᠣᠭᠠᠷ ᠠᠷᠠᠯᠵᠢᠶᠠᠯᠠᠵᠤ ᠳᠡᠶᠢᠯᠬᠦ ᠦᠭᠡᠢ ᠪᠣᠯ᠂ ᠬᠠᠮᠢᠶ᠎ᠠ ᠪᠦᠬᠦᠢ ᠲᠣᠭᠲᠠᠭᠠᠯ | ᠶᠣᠰᠣᠭᠠᠷ ᠭᠦᠢᠴᠡᠳᠬᠡᠨ᠎ᠡ᠃ | ᠠᠷᠪᠠᠨ ᠭᠤᠷᠪᠠᠳᠤᠭᠠᠷ ᠵᠦᠢᠯ ᠠᠷᠠᠯᠵᠢᠶᠠᠨ ᠤ ᠭᠠᠷᠴᠠᠭ ᠳᠤ ᠵᠢᠭᠰᠠᠭᠠᠨ ᠣᠷᠣᠭᠤᠯᠤᠭᠰᠠᠨ ᠦᠭᠡᠢ ᠤᠯᠠᠨ ᠨᠡᠶᠢᠲᠠ ᠶᠢᠨ ᠡᠬᠢ ᠪᠠᠶᠠᠯᠢᠭ ᠤᠨ | ᠠᠷᠠᠯᠵᠢᠶᠠᠯᠠᠬᠤ ᠲᠥᠷᠥᠯ ᠵᠦᠢᠯ ᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠠᠨ ᠤ | ᠲᠠᠪᠴᠠᠩ ᠳᠤ ᠣᠷᠣᠭᠤᠯᠤᠨ ᠠᠷᠠᠯᠵᠢᠶᠠᠯᠠᠭᠤᠯᠤᠨᠠ᠃ | ᠳᠥᠷᠪᠡᠳᠦᠭᠡᠷ ᠪᠦᠯᠦᠭ ᠠᠷᠠᠯᠵᠢᠶᠠᠯᠠᠬᠤ ᠳᠡᠰ ᠳᠠᠷᠠᠭᠠᠯᠠᠯ ᠬᠢᠭᠡᠳ ᠳᠦᠷᠢᠮ | ᠠᠷᠪᠠᠨ ᠳᠥᠷᠪᠡᠳᠦᠭᠡᠷ ᠵᠦᠢᠯ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠬᠤᠯᠪᠣᠭᠳᠠᠯ | ᠪᠦᠬᠦᠢ ᠳᠦᠷᠢᠮ ᠳᠤ ᠲᠣᠭᠲᠠᠭᠠᠭᠰᠠᠨ ᠲᠡᠰ ᠳᠠᠷᠠᠭᠠᠯᠠᠯ᠂ ᠳᠦᠷᠢᠮ ᠤᠨ ᠶᠣᠰᠣᠭᠠᠷ ᠶᠠᠪᠤᠭᠳᠠᠭᠤᠯᠵᠤ᠂ ᠠᠷᠠᠯᠵᠢᠶ᠎ᠠ ᠶᠢ ᠭᠥᠯᠢᠶᠡᠨ ᠠᠪᠴᠤ ᠰᠢᠢᠳᠪᠦᠷᠢᠯᠡᠬᠦ ᠶᠢ | ᠤᠯᠠᠨ ᠨᠡᠶᠢᠲᠡ ᠶᠢᠨ ᠡᠬᠢ ᠪᠠᠶᠠᠯᠢᠭ ᠤᠨᠠᠷᠠᠯᠵᠢᠶᠠᠨ ᠤ ᠦᠢᠯᠡᠴᠢᠯᠡᠭᠡᠨ ᠤ ᠲᠠᠪᠴᠠᠩ ᠳᠤ ᠶᠠᠪᠤᠭᠳᠠᠭᠤᠯᠬᠤ ᠬᠡᠷᠡᠭᠲᠡᠢ᠃ᠡᠩ ᠤᠨ ᠪᠠᠶᠢᠳᠠᠯ ᠳᠤ᠄ ᠠᠷᠠᠯᠵᠢᠶᠠᠨ ᠤ | ᠨᠠᠶᠢᠳᠠᠯᠭ᠎ᠠ᠂ ᠠᠷᠠᠯᠵᠢᠶᠠᠨ ᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ᠂ ᠮᠡᠳᠡᠭᠡ ᠵᠠᠩᠭᠢ ᠨᠡᠶᠢᠲᠡᠯᠡᠬᠦ᠂ ᠳᠠᠭᠠᠭᠠᠴᠢᠯᠠᠯᠲᠠ ᠬᠦᠯᠢᠶᠡᠬᠦ ︵ᠳᠠᠭᠠᠬᠤ︶ | ᠪᠢᠴᠢᠭ ᠮᠠᠲ᠋ᠧᠷᠢᠶᠠᠯ ᠢ ᠭᠥᠯᠢᠶᠡᠨ ᠠᠪᠬᠤ᠂ ᠲᠤᠰᠬᠠᠢ ᠮᠡᠷᠭᠡᠵᠢᠯᠲᠡᠨ ᠰᠤᠭᠤᠴᠢᠨ ᠠᠪᠬᠤ᠂ ᠳᠠᠭᠠᠭᠠᠴᠢᠯᠠᠯᠲᠠ ᠨᠡᠶᠢᠲᠡᠯᠡᠬᠦ᠂ ᠳᠠᠭᠠᠭᠠᠴᠢᠯᠠᠯᠲᠠ ᠦᠨᠡᠯᠡᠬᠦ᠂ | ᠦᠷ᠎ᠡ ᠳ᠋ᠦᠩ ᠢ ᠵᠠᠷᠯᠠᠨ ᠨᠡᠶᠢᠲᠡᠯᠡᠬᠦ᠂ ᠠᠷᠠᠯᠵᠢᠶ᠎ᠠ ᠪᠦᠲᠦᠭᠰᠡᠨ ᠢ ᠨᠤᠲᠠᠯᠠᠬᠤ ᠪᠢᠴᠢᠭ ᠢ ᠲᠠᠷᠬᠠᠭᠠᠬᠤ᠂ ᠭᠡᠷ᠎ᠡ ᠲᠣᠭᠲᠠᠬᠤ᠂ ᠠᠷᠠᠯᠵᠢᠶᠠᠨ ᠤ ᠮᠠᠲ᠋ᠧᠷᠢᠶᠠᠯ ᠢ | ᠡᠪᠬᠡᠮᠡᠯᠯᠡᠨ ᠲᠠᠩᠰᠠ ᠡᠪᠬᠡᠮᠡᠯ ᠳᠤ ᠣᠷᠣᠭᠤᠯᠬᠤ ᠵᠡᠷᠭᠡ ᠪᠠᠭᠲᠠᠨ᠎ᠠ᠃ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠪᠣᠳᠠᠲᠠᠢ ᠲᠠᠰ ᠳᠠᠷᠠᠭᠠᠯᠠᠯ ᠪᠠ ᠳᠦᠷᠢᠮ ᠢ ᠠᠷᠠᠯᠵᠢᠶ᠎ᠠ ᠶᠢᠨ ᠲᠥᠷᠥᠯ ᠢᠯᠭᠠᠯ ᠪᠠ | ᠠᠭᠤᠯᠭ᠎ᠠ ᠶᠢᠨ ᠶᠣᠰᠣᠭᠠᠷ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠢᠶ᠎ᠠ | ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ | ᠦᠨᠳᠦᠰᠦᠯᠡᠨ ᠠᠰ ᠲᠤᠨᠢ ᠲᠣᠭᠲᠠᠭᠠᠨ᠎ᠠ᠃ | ᠠᠷᠪᠠᠨ ᠲᠠᠪᠤᠳᠤᠭᠠᠷ ᠵᠦᠢᠯ ᠵᠠᠬ᠎ᠠ ᠳᠡᠯᠭᠡᠭᠦᠷ ᠲᠤ ᠣᠷᠣᠵᠤ ᠠᠷᠠᠯᠵᠢᠶᠠᠯᠠᠬᠤ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠲᠥᠷᠥᠯ ᠵᠦᠢᠯ | ᠨᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠠᠷᠠᠯᠵᠢᠶᠠᠯᠠᠬᠤ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃ᠳᠣᠣᠷ᠎ᠠ ᠵᠢᠭᠰᠠᠭᠠᠭᠰᠠᠨ | ᠪᠠᠶᠢᠳᠠᠯ ᠤᠨ ᠨᠢᠭᠡ ᠨᠢ ᠪᠠᠶᠢᠪᠠᠯ ᠭᠥᠯᠢᠶᠡᠨ ᠠᠪᠴᠤ ᠰᠢᠢᠳᠪᠦᠷᠢᠯᠡᠬᠦ ᠦᠭᠡᠢ᠄ | ︵ᠨᠢᠭᠡ︶ ᠬᠠᠤᠯᠢ ᠶᠣᠰᠣᠭᠠᠷ ᠬᠢᠨᠠᠨ ᠵᠥᠪᠰᠢᠶᠡᠷᠡᠭᠦᠯᠦᠭᠰᠡᠨ ᠦᠭᠡᠢ᠂ ᠪᠠᠲᠤᠯᠠᠭᠰᠠᠨ ᠦᠭᠡᠢ︔ | ︵ᠬᠤᠶᠠᠷ︶ ᠡᠷᠬᠡ ᠶᠢᠨ ᠬᠠᠷᠢᠶᠠᠯᠠᠯ ᠨᠢ ᠮᠠᠷᠭᠤᠯᠳᠤᠭᠠᠨ ᠲᠠᠢ ᠪᠠᠶᠢᠬᠤ︔ | ︵ᠭᠤᠷᠪᠠ︶ ᠬᠠᠤᠯᠢ ᠶᠣᠰᠣᠭᠠᠷ ᠬᠢᠵᠠᠭᠠᠷᠯᠠᠬᠤ ᠠᠷᠭ᠎ᠠ ᠬᠡᠮᠵᠢᠶ᠎ᠡ ᠠᠪᠤᠭᠳᠠᠭᠰᠠᠨ︔ | ︵ᠳᠥᠷᠪᠡ︶ ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠭᠰᠠᠨ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠷᠠᠯᠵᠢᠶᠠᠯᠠᠬᠤ ᠶᠢ ᠴᠠᠭᠠᠵᠠᠯᠠᠬᠤ ᠪᠠᠷ ᠲᠣᠭᠲᠠᠭᠠᠭᠰᠠᠨ ᠪᠤᠰᠤᠳ ᠪᠠᠶᠢᠳᠠᠯ︔ | ︵ᠵᠢᠷᠭᠤᠭ᠎ᠠ︶ ᠲᠣᠰ ᠠᠵᠢᠯ ᠲᠥᠷᠥᠯ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠨᠢ | ᠡᠭᠦᠨ ᠳᠤ ᠪᠠᠭᠲᠠᠬᠤ ᠦᠭᠡᠢ᠃ | ᠠᠷᠪᠠᠨ ᠵᠢᠷᠭᠤᠳᠤᠭᠠᠷ ᠵᠦᠢᠯ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠳᠤ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠤᠨ ᠶᠣᠰᠣᠭᠠᠷ ᠳᠠᠭᠠᠭᠠᠴᠢᠯᠠᠯᠲᠠ ᠰᠢᠯᠭᠠᠷᠠᠭᠤᠯᠬᠤ ᠵᠥᠪᠯᠡᠯ ︵ᠬᠢᠨᠠᠨ ᠲᠣᠭᠲᠠᠭᠠᠬᠤ ᠳᠤᠭᠤᠶᠢᠯᠠᠩ︶ ᠢ ᠵᠣᠬᠢᠶᠠᠨ ᠪᠠᠶᠢᠭᠤᠯᠵᠤ᠂ ᠲᠤᠰᠬᠠᠢ | ᠮᠡᠷᠭᠡᠵᠢᠯᠲᠡᠨ ᠰᠤᠭᠤᠴᠠᠬᠤ ᠳᠤ ᠬᠠᠤᠯᠢ ᠶᠣᠰᠣᠭᠠᠷ ᠪᠠᠶᠢᠭᠤᠯᠤᠭᠰᠠᠨ ᠳᠠᠭᠠᠭᠠᠴᠢᠯᠠᠯᠲᠠ ᠰᠢᠯᠭᠠᠷᠠᠭᠤᠯᠵᠤ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ | ᠬᠥᠮᠥᠷᠭᠡ ᠠᠴᠠ ᠲᠠᠰᠢᠷᠠᠮ ᠢᠶᠠᠷ ᠰᠤᠭᠤᠴᠠᠬᠤ ᠬᠡᠷᠡᠭᠲᠡᠢ᠃ᠮᠡᠷᠭᠡᠵᠢᠯ ᠨᠢ ᠪᠤᠳᠤᠯᠢᠶᠠᠨᠲᠠᠢ᠂ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ ᠪᠤᠶᠤ ᠤᠯᠤᠰ ᠠᠴᠠ | ᠣᠨᠴᠠᠭᠠᠶ ᠱᠠᠭᠠᠷᠳᠠᠯᠭ᠎ᠠ ᠲᠠᠢ ᠵᠦᠢᠯᠡᠰ ᠲᠤ ᠲᠤᠰᠬᠠᠢ ᠮᠡᠷᠭᠡᠵᠢᠯᠲᠡᠨ ᠤ ᠰᠢᠯᠭᠠᠷᠠᠭᠤᠯᠬᠤ ᠵᠥᠪᠯᠡᠯ ᠢ ᠪᠤᠰᠤᠳ ᠠᠷᠭ᠎ᠠ ᠮᠠᠶ᠋ᠢᠭ ᠢᠶᠠᠷ ᠭᠠᠷᠭᠠᠬᠤ ᠴᠢᠬᠤᠯᠠᠲᠠᠢ | ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠲᠠᠪᠤᠳᠤᠭᠠᠷ ᠪᠦᠯᠦᠭ ᠬᠢᠨᠠᠵᠤ ᠬᠠᠮᠢᠶᠠᠷᠬᠤ | ᠠᠷᠪᠠᠨ ᠳᠣᠯᠣᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠬᠢᠭᠡᠳ ᠠᠵᠢᠯ | ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠤᠭᠰᠠᠨ ᠬᠤᠯᠪᠤᠭᠠᠯᠠᠨ ᠬᠥᠳᠡᠯᠦᠯᠴᠡᠬᠦ | ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠲᠣᠭᠲᠠᠴᠠ ᠶᠢ ᠪᠠᠶᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠭᠤᠭᠴᠤᠭ᠎ᠠ ᠳᠤ | ᠣᠷᠣᠭᠰᠠᠨ ᠲᠥᠷᠥᠯ ᠵᠦᠢᠯ ᠢ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ | ᠨᠢᠭᠡᠳᠦᠯᠲᠡᠢ ᠲᠥᠯᠥᠪᠯᠡᠨ ᠬᠠᠮᠢᠶᠠᠷᠴᠤ᠂ ᠬᠠᠮᠢᠶ᠎ᠠ ᠪᠦᠬᠦᠢ ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ | ᠬᠠᠮᠵᠢᠯᠴᠠᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠬᠢᠨᠠᠯᠲᠠ ᠬᠠᠮᠢᠶᠠᠷᠤᠯᠲᠠ᠂ ᠵᠠᠭᠠᠯᠳᠤᠵᠤ ᠢᠯᠡᠴᠢᠯᠡᠨ | ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠵᠢᠴᠢ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠵᠡᠷᠭᠡ ᠡᠯ᠎ᠡ ᠵᠦᠢᠯ ᠤᠨ | ᠠᠵᠢᠯ ᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ | ᠠᠷᠪᠠᠨ ᠨᠠᠢᠮᠠᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠬᠠᠮᠲᠤᠷᠠᠭᠰᠠᠨ ᠬᠤᠷᠠᠯ᠂ ᠬᠠᠮᠲᠤᠪᠠᠷ ᠵᠥᠪᠳᠡᠯᠴᠡᠬᠦ ᠪᠠᠷ ᠳᠠᠮᠵᠢᠭᠤᠯᠤᠨ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠲᠤᠯᠭᠠᠷᠠᠭᠰᠠᠨ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ | ᠶᠡᠷᠦᠩᠬᠡᠶᠢᠯᠡᠨ ᠬᠢᠨᠠᠨ ᠬᠠᠮᠢᠶᠠᠷᠬᠤ ᠪᠠ ᠠᠵᠢᠯ ᠲᠥᠷᠥᠯ ᠤᠨ ᠬᠠᠮᠵᠢᠯᠴᠠᠨ ᠬᠢᠨᠠᠨ ᠬᠠᠮᠢᠶᠠᠷᠬᠤ ᠶᠢ ᠵᠠᠪᠰᠠᠷ ᠦᠭᠡᠢ ᠵᠣᠯᠭᠠᠭᠤᠯᠵᠤ᠂ ᠬᠠᠷᠢᠯᠴᠠᠨ ᠬᠠᠮᠵᠢᠯᠴᠠᠬᠤ ᠶᠢ | ᠦᠨᠡᠨᠬᠦ ᠪᠠᠲᠤᠯᠠᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃ | ᠬᠠᠮᠲᠤᠷᠠᠭᠰᠠᠨᠬᠤᠷᠠᠯ ᠢ ᠡᠭᠦᠰᠬᠡᠨ ᠪᠠᠶᠢᠭᠤᠯᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠬᠤ᠂ ᠬᠠᠷᠢᠯᠴᠠᠬᠤ ᠪᠠ ᠵᠣᠬᠢᠴᠠᠭᠤᠯᠬᠤ ᠶᠢ ᠬᠠᠷᠢᠭᠤᠴᠠᠵᠤ᠂ | ᠬᠤᠷᠠᠯ ᠤᠨ ᠭᠤᠣᠯ ᠰᠡᠳᠦᠪ ᠪᠠ ᠬᠤᠷᠠᠯ ᠠᠴᠠ ᠵᠥᠪᠯᠡᠬᠦ ᠵᠦᠢᠯ ᠢ ᠲᠣᠭᠲᠠᠭᠠᠨ᠎ᠠ᠂ ᠬᠠᠮᠵᠢᠯᠴᠠᠬᠤ ᠰᠠᠯᠠᠭ᠎ᠠ ᠮᠥᠴᠢᠷ ᠤᠳ ᠡᠭᠦᠰᠬᠡᠨ ᠪᠠᠶᠢᠭᠤᠯᠬᠤ ᠰᠠᠯᠠᠭ᠎ᠠ | ᠮᠥᠴᠢᠷ ᠤᠨ ᠤᠷᠢᠯᠭ᠎ᠠ ᠪᠠ ᠬᠤᠷᠠᠯ ᠤᠨ ᠪᠣᠳᠠᠲᠠᠢ ᠠᠭᠤᠯᠭ᠎ᠠ ᠶᠢ ᠦᠨᠳᠦᠰᠦᠯᠡᠨ ᠬᠥᠮᠥᠨ ᠰᠣᠩᠭᠤᠨ ᠲᠣᠮᠢᠯᠠᠵᠤ ᠣᠷᠣᠯᠴᠠᠭᠤᠯᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ | ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠡᠯᠧᠺᠲᠷᠣᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠪᠠᠶᠢᠭᠤᠯᠬᠤ ᠶᠢ ᠠᠬᠢᠭᠤᠯᠵᠤ᠂ ᠡᠯᠧᠺᠲᠷᠤᠨᠴᠢᠯᠡᠭᠰᠡᠨ ᠠᠷᠭ᠎ᠠ ᠪᠠᠷᠢᠯ ᠢᠶᠠᠷ | ᠳᠠᠮᠵᠢᠭᠤᠯᠤᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢᠨ ᠪᠥᠬᠦ ᠶᠠᠪᠤᠴᠠ ᠳᠤ ᠬᠢᠨᠠᠯᠲᠠ ᠲᠠᠯᠪᠢᠬᠤ ᠶᠢ ᠪᠡᠶᠡᠯᠡᠭᠦᠯᠬᠦ ᠬᠡᠷᠡᠭᠲᠡᠢ | ᠃ | ᠬᠤᠷᠢᠳᠤᠭᠠᠷ ᠵᠦᠢᠯ ᠬᠤᠲᠠ ᠶᠢᠨ ᠡᠯ᠎ᠡ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠦᠷ᠎ᠡ ᠳ᠋ᠦᠩ ᠢ ᠮᠥᠷᠳᠡᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠠᠰᠠᠭᠤᠳᠠᠯ ᠢ | ᠣᠯᠵᠤ ᠮᠡᠳᠡᠪᠡᠯ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠲᠣᠭᠲᠠᠭᠠᠯ ᠢᠶᠠᠨ ᠴᠠᠭ ᠲᠤᠬᠠᠢ ᠳᠤᠨᠢ ᠬᠤᠲᠠ ᠶᠢᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠠᠭᠤᠯᠤᠨ ᠬᠦᠷᠭᠡᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠣᠨ | ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠳᠦᠷᠢᠮ ᠤᠨ ᠶᠣᠰᠣᠭᠠᠷ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠪᠠ ᠬᠠᠤᠯᠢ | ᠲᠣᠭᠲᠠᠭᠠᠯ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ | ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠠᠯᠵᠢᠶᠠᠨ ᠤ ᠲᠠᠪᠴᠠᠩ ᠤᠨ | ᠭᠥᠯᠢᠶᠡᠨ ᠠᠪᠤᠭᠰᠠᠨ ᠲᠥᠷᠥᠯ ᠵᠦᠢᠯ ᠤᠨ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠲᠡᠮᠳᠡᠭᠯᠡᠬᠦ ᠬᠡᠷᠡᠭᠲᠡᠢ᠃ᠬᠠᠮᠢᠶ᠎ᠠ ᠪᠦᠬᠦᠢ ᠬᠠᠤᠯᠢ | ᠴᠠᠭᠠᠵᠠ ᠶᠢᠨ ᠲᠣᠭᠲᠠᠭᠠᠯ ᠵᠢᠴᠢ ᠲᠥᠷᠥᠯ ᠵᠦᠢᠯ ᠳᠤ ᠬᠠᠷᠢᠶᠠᠯᠠᠭᠳᠠᠬᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ ᠶᠢ ᠬᠠᠮᠢᠶ᠎ᠠ ᠪᠦᠬᠦᠢ | ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠭᠥᠯᠢᠶᠡᠨ ᠠᠪᠴᠤ ᠰᠢᠢᠳᠪᠦᠷᠢᠯᠡᠬᠦ ᠳᠤ ᠭᠦᠷᠪᠡᠯ᠂ | ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠵᠠᠰᠠᠭ ᠵᠠᠬᠢᠷᠭᠠᠨ ᠤ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠥᠭᠴᠦ ᠰᠢᠢᠳᠪᠦᠷᠢᠯᠡᠭᠦᠯᠦᠨ᠎ᠡ᠃ᠲᠣᠰ ᠠᠵᠢᠯ ᠲᠥᠷᠥᠯ ᠤᠨ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠳᠠᠭᠠᠨ᠎ᠠ᠃ | ᠬᠤᠷᠢᠨ ᠬᠤᠶᠠᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠠᠪᠤᠴᠠ ᠳᠤ᠂ | ᠪᠤᠰᠤᠳ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠠᠮᠵᠢᠭᠤᠯᠤᠨ ᠰᠢᠢᠳᠪᠦᠷᠢᠯᠡᠭᠦᠯᠬᠦ ᠴᠢᠬᠤᠯᠠᠲᠠᠢ ᠪᠠᠶᠢᠪᠠᠯ᠂ ᠬᠠᠮᠵᠢᠭᠤᠯᠤᠨ | ᠰᠢᠢᠳᠪᠦᠷᠢᠯᠡᠬᠦ ᠨᠢᠭᠡᠴᠡ ᠳᠤ ᠬᠠᠮᠵᠢᠭᠤᠯᠤᠨ ᠰᠢᠢᠳᠪᠦᠷᠢᠯᠡᠬᠦ ᠵᠠᠬᠢᠳᠠᠯ ᠶᠠᠪᠤᠭᠤᠯᠵᠤ᠂ ᠬᠠᠮᠵᠢᠭᠤᠯᠤᠨ ᠰᠢᠢᠳᠪᠦᠷᠢᠯᠡᠬᠦ ᠰᠠᠯᠠᠭ᠎ᠠ ᠮᠥᠴᠢᠷ ᠨᠢ ᠬᠠᠮᠵᠢᠭᠤᠯᠤᠨ | ᠰᠢᠢᠳᠪᠦᠷᠢᠯᠡᠬᠦ ᠵᠠᠬᠢᠳᠠᠯ ᠢ ᠣᠯᠣᠭᠰᠠᠨ ᠤ ᠳᠠᠷᠠᠭ᠎ᠠ᠂ ᠬᠠᠮᠵᠢᠭᠤᠯᠤᠨ ᠪᠠᠶᠢᠴᠠᠭᠠᠭᠰᠠᠨ ᠮᠠᠲ᠋ᠧᠷᠢᠶᠠᠯ ᠢ ᠴᠠᠭ ᠲᠤᠬᠠᠢ ᠳᠤᠨᠢ ᠬᠢᠨᠠᠨ ᠪᠠᠶᠢᠴᠠᠭᠠᠵᠤ᠂ ᠬᠠᠤᠯᠢ | ᠶᠣᠰᠣᠭᠠᠷ ᠰᠢᠢᠳᠪᠦᠷᠢᠯᠡᠬᠦ ᠶᠢᠨ ᠬᠠᠮᠲᠤ ᠬᠠᠮᠵᠢᠭᠤᠯᠤᠨ ᠪᠠᠶᠢᠴᠠᠭᠠᠭᠰᠠᠨ ᠦᠷ᠎ᠡ ᠳ᠋ᠦᠩ ᠢᠶᠠᠨ ᠴᠠᠭ ᠲᠤᠬᠠᠢ ᠳᠤᠨᠢ ᠪᠢᠴᠢᠭ ᠢᠶᠠᠷ ᠬᠠᠷᠢᠭᠤ ᠲᠤᠰᠬᠠᠬᠤ ᠬᠡᠷᠡᠭᠲᠡᠢ᠂ | ᠬᠠᠷᠢᠯᠴᠠᠨ ᠲᠦᠯᠬᠢᠯᠴᠡᠵᠦ᠂ ᠠᠷᠭᠠᠴᠠᠨ ᠥᠩᠭᠡᠷᠡᠭᠦᠯᠵᠦ ᠪᠣᠯᠬᠤ ᠦᠭᠡᠢ᠂ ᠵᠦᠢ ᠵᠣᠬᠢᠰ ᠦᠭᠡᠢ ᠰᠢᠯᠲᠠᠭᠠᠨ ᠢᠶᠠᠷ ᠲᠡᠪᠴᠢᠵᠦ ᠪᠣᠯᠬᠤ ᠦᠭᠡᠢ᠃ | ᠬᠤᠷᠢᠨ ᠭᠤᠷᠪᠠᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠴᠠ | ᠡᠮᠦᠨ᠎ᠡ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠬᠠᠮᠢᠶ᠎ᠠ | ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠷᠠᠯᠵᠢᠶ᠎ᠠ ᠶᠢᠨ ᠵᠠᠯᠭᠠᠮᠵᠢ ᠭᠠᠷᠳᠠᠮ ᠢ ᠭᠦᠢᠴᠡᠳᠬᠡᠬᠦ ᠪᠠᠨ ᠲᠦᠷ ᠵᠣᠭᠰᠣᠬᠤ ᠬᠡᠷᠡᠭᠲᠡᠢ᠂ ᠲᠣᠰ ᠠᠵᠢᠯ | ᠲᠥᠷᠥᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠳᠠᠭᠠᠨ᠎ᠠ᠃ | ᠬᠤᠷᠢᠨ ᠳᠥᠷᠪᠡᠳᠦᠭᠡᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ | ᠬᠤᠲᠠ ᠶᠢᠨ ᠡᠯ᠎ᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ᠂ ᠪᠥᠬᠦ ᠬᠤᠲᠠ ᠶᠢᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ | ᠮᠡᠳᠡᠭᠡ ᠵᠠᠩᠭᠢ ᠶᠢ ᠬᠠᠷᠢᠯᠴᠠᠨ ᠬᠠᠮᠲᠤᠪᠠᠷ ᠡᠳ᠋ᠯᠡᠬᠦ᠂ ᠬᠥᠳᠡᠯᠦᠩᠭᠦᠢ ᠪᠠᠷ ᠰᠢᠨᠡᠳᠬᠡᠬᠦ ᠶᠢ ᠪᠡᠶᠡᠯᠡᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠠᠯᠳᠠᠬᠤ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ | ᠬᠡᠷᠡᠭᠲᠡᠢ᠃ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠢᠶᠠᠷ ᠳᠠᠮᠵᠢᠭᠤᠯᠤᠨ ᠠᠷᠠᠯᠵᠢᠶᠠᠯᠠᠬᠤ ᠶᠠᠪᠤᠴᠠ ᠳᠠᠬᠢ | ᠢᠲᠡᠭᠡᠮᠵᠢ ᠲᠠᠢ ᠪᠠᠶᠢᠬᠤ ᠪᠠ ᠢᠲᠡᠭᠡᠮᠵᠢ ᠪᠠᠨ ᠠᠯᠳᠠᠭᠰᠠᠨ ᠨᠡᠷᠡᠰ ᠢ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠢ᠃ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠢ ᠦᠨᠳᠦᠰᠦᠯᠡᠨ᠂ ᠢᠲᠡᠭᠡᠮᠵᠢ ᠲᠠᠢ ᠭᠤᠣᠯ ᠴᠣᠭᠴᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ | ᠣᠷᠣᠯᠴᠠᠭᠰᠠᠨ ᠢ ᠱᠠᠩᠨᠠᠨ ᠬᠥᠬᠢᠭᠦᠯᠵᠦ᠂ ᠢᠲᠡᠭᠡᠮᠵᠢ ᠪᠠᠨ ᠠᠯᠳᠠᠭᠰᠠᠨ ᠭᠤᠣᠯ ᠴᠣᠭᠴᠠ ᠶᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠠᠵᠢᠯᠯᠠᠭ᠎ᠠ ᠳᠤ ᠣᠷᠤᠯᠴᠠᠬᠤ ᠶᠢ ᠬᠢᠵᠠᠭᠠᠷᠯᠠᠬᠤ ᠪᠤᠶᠤ ᠴᠠᠭᠠᠵᠠᠯᠠᠬᠤ ᠵᠡᠷᠭᠡ ᠠᠷᠭ᠎ᠠ ᠮᠠᠶ᠋ᠢᠭ ᠢᠶᠠᠷ ᠵᠠᠯᠬᠠᠭᠠᠨ ᠴᠡᠭᠡᠷᠯᠡᠭᠦᠯᠦᠨ᠎ᠡ᠃ | ᠬᠤᠷᠢᠨ ᠲᠠᠪᠤᠳᠤᠭᠠᠷ ᠵᠦᠢᠯ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ | ᠲᠠᠪᠴᠠᠩ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠲᠠᠪᠴᠠᠩ | ᠵᠡᠷᠭᠡ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ | ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠡᠳᠡᠭᠡ ᠵᠠᠩᠭᠢ᠂ ᠠᠷᠠᠯᠵᠢᠶ᠎ᠠ ᠶᠢᠨ ᠮᠡᠳᠡᠭᠡ | ᠵᠠᠩᠭᠢ᠂ ᠢᠲᠡᠭᠡᠮᠵᠢ ᠶᠢᠨ ᠮᠡᠳᠡᠭᠡ ᠵᠠᠩᠭᠢ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠵᠡᠷᠭᠡ ᠮᠡᠳᠡᠭᠡ ᠵᠠᠩᠭᠢ ᠶᠢ ᠪᠥᠬᠦ ᠬᠤᠲᠠ ᠳᠤ ᠵᠡᠷᠭᠡᠪᠡᠷ ᠬᠠᠮᠲᠤᠪᠠᠷ | ᠭᠥᠷᠳᠡᠬᠦ᠂ ᠬᠥᠳᠡᠯᠦᠩᠭᠦᠢ ᠪᠠᠷ ᠰᠢᠨᠡᠳᠬᠡᠬᠦ ᠶᠢ ᠪᠡᠶᠡᠯᠡᠭᠦᠯᠬᠦ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠨᠡᠶᠢᠭᠡᠮ ᠤᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠬᠤ | ᠬᠡᠷᠡᠭᠲᠡᠢ᠃ᠨᠡᠶᠢᠭᠡᠮ ᠤᠨ ᠣᠯᠠᠨ ᠨᠡᠶᠢᠲᠡ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠲᠠᠪᠴᠠᠩ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ᠵᠠᠮ ᠢᠶᠠᠷ ᠳᠠᠮᠵᠢᠭᠤᠯᠤᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ ᠨᠡᠶᠢᠭᠡᠮ ᠤᠨ ᠬᠢᠨᠠᠯᠲᠠ ᠲᠠᠯᠪᠢᠬᠤ ᠶᠢᠨ ᠬᠠᠮᠲᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠢᠨᠠᠯᠲᠠ ᠲᠠᠯᠪᠢᠭᠰᠠᠨ | ᠰᠠᠨᠠᠯ ᠢᠶᠠᠨ ᠬᠠᠷᠢᠭᠤ ᠲᠤᠰᠬᠠᠨ᠎ᠠ᠃ | ᠬᠤᠷᠢᠨ ᠳᠣᠯᠣᠳᠤᠭᠠᠷ ᠵᠦᠢᠯ ᠬᠢᠨᠠᠨ ᠪᠤᠳᠤᠬᠤ ᠰᠠᠯᠠᠭ᠎ᠠ ᠮᠥᠴᠢᠷ ᠤᠳ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠭᠰᠠᠨ ᠠᠵᠢᠯᠯᠠᠭ᠎ᠠ ᠪᠣᠯᠣᠨ | ᠪᠡᠯᠡ ᠮᠥᠩᠭᠦ ᠶᠢᠨ ᠬᠡᠷᠡᠭᠯᠡᠯᠲᠡ ᠵᠡᠷᠭᠡ ᠪᠠᠶᠢᠳᠠᠯ ᠳᠤ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠶᠢ ᠬᠡᠷᠡᠭᠵᠢᠭᠦᠯᠬᠦ ᠬᠡᠷᠡᠭᠲᠡᠢ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠵᠤ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ | ᠬᠤᠪᠢ ᠳᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ | ᠭᠦᠢᠴᠡᠳᠬᠡᠨ᠎ᠡ᠃ | ᠬᠤᠷᠢᠨ ᠨᠠᠢᠮᠠᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ | ᠡᠯ᠎ᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ᠂ ᠬᠤᠲᠠ ᠶᠢᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠵᠢᠴᠢ ᠲᠡᠭᠦᠨ ᠤ ᠠᠵᠢᠯᠲᠠᠨ ᠲᠣᠰ ᠠᠷᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠪᠤᠶᠤ ᠲᠣᠭᠲᠠᠭᠠᠯ | ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠠᠶᠢᠪᠠᠯ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ᠂ ᠲᠡᠭᠦᠨ ᠤ | ᠪᠠᠶᠢᠭ᠎ᠠ ᠨᠢᠭᠡᠴᠡ ᠪᠤᠶᠤ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ ᠵᠠᠷᠯᠠᠨ ᠰᠢᠭᠦᠮᠵᠢᠯᠡᠨ᠎ᠡ | ︔ ᠰᠠᠬᠢᠯᠭ᠎ᠠ ᠪᠠᠲᠤ ᠶᠢ ᠵᠥᠷᠢᠴᠡᠭᠰᠡᠨ᠂ ᠡᠷᠬᠡ ᠲᠤᠰᠢᠶᠠᠯ ᠢᠶᠠᠨ ᠠᠰᠢᠭᠯᠠᠨ ᠬᠠᠤᠯᠢ ᠶᠢ ᠵᠥᠷᠢᠴᠡᠭᠰᠡᠨ ᠪᠤᠶᠤ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ | ᠰᠡᠵᠢᠭᠯᠡᠯᠲᠡᠢ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠭᠦᠯᠦᠨ᠎ᠡ︔ ᠬᠠᠤᠯᠢ ᠠᠴᠠ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢ ᠶᠢᠰᠦᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ᠂ ᠳᠠᠭᠠᠭᠠᠴᠢᠯᠠᠯᠲᠠ | ᠰᠢᠯᠭᠠᠷᠠᠭᠤᠯᠵᠤ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ᠂ ᠰᠢᠰᠲ᠋ᠧᠮ ᠤᠨ ᠨᠡᠭᠡᠭᠡᠨ ᠬᠥᠭᠵᠢᠭᠦᠯᠵᠦ ᠠᠵᠢᠯᠯᠠᠭᠤᠯᠵᠤ ᠬᠠᠮᠠᠭᠠᠯᠠᠬᠤ ᠪᠠᠶᠢᠭᠤᠯᠤᠮᠵᠢ ᠨᠢ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠠᠴᠠ ᠵᠥᠷᠢᠴᠡᠪᠡᠯ᠂ | ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠤᠶᠤ ᠡᠯ᠎ᠡ ᠵᠠᠰᠠᠭ ᠵᠠᠬᠢᠷᠭᠠᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠰᠠᠬᠢᠯᠭ᠎ᠠ ᠪᠠᠲᠤ ᠶᠢ ᠵᠥᠷᠢᠴᠡᠭᠰᠡᠨ᠂ ᠡᠷᠬᠡ ᠲᠤᠰᠢᠶᠠᠯ ᠢᠶᠠᠨ ᠠᠰᠢᠭᠯᠠᠨ ᠬᠠᠤᠯᠢ ᠠᠴᠠ ᠵᠥᠷᠢᠴᠡᠭᠰᠡᠨ ᠪᠤᠶᠤ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ | ᠰᠡᠵᠢᠭᠯᠡᠯᠲᠡᠢ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠭᠦᠯᠦᠨ᠎ᠡ︔ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠭᠤᠴᠢᠳᠤᠭᠠᠷ ᠵᠦᠢᠯ ᠲᠣᠰ ᠠᠷᠭ᠎ᠠ ᠶᠢ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠭᠤᠴᠢᠨ ᠨᠢᠭᠡᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠠᠷᠠᠭ᠎ᠠ ᠬᠡᠷᠡᠭᠵᠢᠭᠦᠯᠦᠨ᠎ᠡ᠃ | | |