2022 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2023/4/12
      2022 ᠣᠨ ᠠᠴᠠ ᠨᠠᠰᠢ᠂ ᠬᠥᠬᠡᠬᠤᠲᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠲᠦᠷᠭᠡᠨ ᠬᠤᠪᠢᠷᠠᠭᠤᠯᠵᠤ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠰᠢᠨ᠎ᠡ ᠳᠡᠭᠲᠡᠷ ᠲᠤ ᠭᠠᠷᠪᠠ᠃ ᠬᠥᠬᠡᠬᠤᠲᠠ ᠵᠢᠷᠭᠤᠳᠤᠭᠠᠷ ᠪᠦᠯᠦᠭ ᠤᠨ ᠪᠦᠬᠦ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢᠶᠠᠷ ᠦᠨᠡᠯᠡᠭᠳᠡᠵᠦ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ︽2022 ᠣᠨ ᠤ ᠪᠦᠬᠦ ᠤᠯᠤᠰ ᠤᠨ ᠠᠷᠪᠠᠨ ᠰᠢᠯᠢᠳᠡᠭ ᠬᠠᠯᠠᠮᠰᠢᠯ ᠤᠲᠠᠰᠤᠨ ᠤ ᠵᠢᠱᠢᠶ᠎ᠡ︾ ᠪᠠ ︽ᠲᠤᠰᠬᠠᠢ ᠮᠡᠷᠭᠡᠵᠢᠯ ᠤᠨ ᠬᠢᠷᠢ ᠬᠡᠮ ᠢᠶᠠᠨ ᠳᠡᠭᠡᠭᠰᠢᠯᠡᠭᠦᠯᠦᠭᠰᠡᠨ ᠵᠢᠱᠢᠶ᠎ᠡ︾ ᠶᠢᠨ ᠱᠠᠩᠨᠠᠯ ᠢ ᠬᠦᠷᠳᠡᠵᠤ᠂ ᠬᠤᠷᠢᠨᠭᠡᠷ ᠰᠢᠶᠠᠨ ᠤ ᠱᠧᠩ ᠯᠧ ᠪᠠᠯᠭᠠᠰᠤ ᠶᠢᠨ ᠲᠠᠶᠢᠵᠢ ᠶᠢᠩ ᠲᠣᠰᠬᠤᠨ᠂ ᠲᠣᠭᠲᠠᠬᠤ ᠰᠢᠶᠠᠨ ᠤ ᠰᠢᠨ ᠶᠢᠩᠽᠢ ᠪᠠᠯᠭᠠᠰᠤ ᠶᠢᠨ ᠰᠢᠶᠤᠤ ᠺᠸᠤ ᠲᠣᠰᠬᠤᠨ ᠶᠢᠰᠦᠳᠦᠭᠡᠷ ᠪᠦᠯᠦᠭ ᠤᠨ ︽ᠪᠦᠬᠦ ᠤᠯᠤᠰ ᠤᠨ ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶︾ ᠢᠶᠠᠷ ᠦᠨᠡᠯᠡᠭᠳᠡᠪᠡ᠃      ᠨᠢᠭᠡ᠂ ᠭᠤᠣᠯ ᠠᠷᠭ᠎ᠠ ᠬᠡᠮᠵᠢᠶ᠎ᠡ ᠪᠠ ᠦᠷ᠎ᠡ ᠪᠦᠲᠦᠮᠵᠢ      ︵ᠨᠢᠭᠡ︶ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠲᠠᠰᠤᠷᠠᠯᠳᠠ ᠦᠭᠡᠢ ᠴᠢᠩᠭᠠᠳᠬᠠᠪᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠵᠠᠪᠠᠯ ᠰᠤᠷᠬᠤ ᠠᠭᠤᠯᠭ᠎ᠠ᠂ ᠨᠠᠮ ᠤᠨ ᠰᠤᠷᠭᠠᠭᠤᠯᠢ ᠶᠢᠨ ᠵᠠᠪᠠᠯ ᠰᠤᠷᠬᠤ ᠬᠢᠴᠢᠶᠡᠯ ᠳᠤ ᠣᠷᠣᠭᠤᠯᠪᠠ᠃ 2022 ᠣᠨ ᠳᠤ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠰᠢ ᠶᠢᠨ ᠫᠢᠩ ᠬᠠᠤᠯᠢᠵᠢᠯ ᠤᠨ ᠦᠵᠡᠯ ᠰᠠᠨᠠᠭ᠎ᠠ ᠶᠢ 2 ᠤᠳᠠᠭ᠎ᠠ ᠲᠤᠰᠬᠠᠢ ᠰᠡᠳᠦᠪ ᠢᠶᠠᠷ ᠰᠤᠷᠤᠯᠴᠠᠵᠤ᠂ ᠬᠤᠳᠠ ᠶᠢᠨ ᠨᠠᠮ ᠤᠨ ᠬᠤᠷᠢᠶ᠎ᠠ ᠶᠢᠨ ᠭᠤᠣᠯ ᠬᠠᠷᠢᠭᠤᠴᠠᠯᠭᠠᠲᠠᠨ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 10 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ ᠲᠤᠰᠬᠠᠢ ᠰᠡᠳᠦᠪᠲᠦ ᠪᠣᠯᠪᠠᠰᠤᠷᠠᠯ ᠤᠨ ᠬᠠᠪᠰᠤᠷᠤᠨ ᠵᠢᠯᠤᠭᠤᠳᠤᠯᠭ᠎ᠠ ᠬᠢᠵᠡᠢ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠭᠤᠣᠯ ᠠᠩᠭᠢ ᠺᠠᠳ᠋ᠷ ᠰᠤᠷᠤᠭᠴᠢᠳ ᠢ 544 ᠬᠥᠮᠦᠨ ᠤᠳᠠᠭ᠎ᠠ ᠪᠣᠯᠪᠠᠰᠤᠷᠠᠭᠤᠯᠪᠠ᠃ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠰᠢᠰᠲ᠋ᠧᠮ ᠲᠠᠢ ᠲᠥᠯᠥᠪᠯᠡᠨ᠂ ᠪᠦᠬᠦᠯᠢ ᠴᠣᠭᠴᠠ ᠪᠠᠷ ᠠᠬᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠢ ᠲᠤᠰᠬᠠᠶ ᠰᠡᠳᠦᠪ ᠢᠶᠠᠷ ᠰᠤᠳᠤᠯᠵᠤ᠂ ︽ᠬᠠᠤᠯᠢᠵᠢᠯ ᠤᠨ ᠬᠥᠬᠡᠬᠤᠲᠠ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ︵2022 — 2025 ᠣᠨ ︶︾ ᠶᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ ᠪᠠ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ᠂ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠂ ᠬᠠᠤᠯᠢᠵᠢᠯ ᠤᠨ ᠰᠣᠶᠣᠯ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ︽ᠪᠥᠬᠦ ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ︾ ᠶᠢ ᠪᠥᠬᠦ ᠬᠤᠲᠠ ᠶᠢᠨ ᠴᠢᠨᠠᠷ ᠰᠠᠶᠢᠲᠠᠶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠷᠠᠯᠲᠠ ᠳᠤ ᠵᠢᠭᠰᠠᠭᠠᠨ ᠣᠷᠣᠭᠤᠯᠵᠤ᠂ 9 ᠬᠤᠰᠢᠭᠤ ᠰᠢᠶᠠᠨ ᠲᠣᠭᠤᠷᠢᠭ᠂ 6 ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ ᠶᠢ ᠥᠷᠨᠢᠭᠦᠯᠵᠦ᠂ ᠬᠠᠤᠯᠢᠵᠢᠯ ᠤᠨ ᠣᠷᠣᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠰᠢᠨ᠎ᠡ ᠳᠡᠭᠲᠡᠷ ᠲᠤ ᠭᠠᠷᠭᠠᠬᠤ ᠶᠢ ᠳᠥᠯᠭᠢᠨ ᠠᠬᠢᠭᠤᠯᠪᠠ᠃︵ᠬᠤᠶᠠᠷ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ ᠰᠢᠯᠢᠳᠡᠭᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ 3.0 ᠬᠡᠪᠯᠡᠯ ᠤᠨ ᠬᠡᠷᠡᠭᠵᠢᠭᠦᠯᠬᠦ ᠲᠥᠰᠦᠯ ᠢ ᠨᠠᠷᠢᠯᠢᠬᠵᠢᠭᠤᠯᠤᠨ ᠰᠢᠯᠢᠳᠡᠭᠵᠢᠭᠦᠯᠵᠦ᠂ 236 ᠵᠦᠢᠯ ᠤᠨ ᠡᠭᠦᠷᠭᠡ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠬᠥᠳᠡᠯᠦᠩᠭᠦᠶ ᠪᠠᠷ ᠳᠣᠭᠢᠷᠠᠭᠤᠯᠵᠤ᠂ 3 ᠰᠠᠯᠠᠭ᠎ᠠ ᠮᠥᠴᠢᠷ ᠤᠨ 24 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠲᠤ ᠲᠣᠬᠢᠷᠠᠭᠤᠯᠤᠯᠲᠠ ᠬᠢᠪᠠ᠃ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ᠤᠴᠢᠷ ᠶᠠᠪᠤᠳᠠᠯ 379 ᠵᠦᠢᠯ ᠳᠤ ᠬᠦᠷᠴᠡᠶ︔ ᠬᠤᠲᠠ ᠶᠢᠨ ᠲᠣᠰ ᠱᠠᠲᠤᠨ ᠤ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠵᠦᠢᠯᠡᠰ ᠢ 820 ᠵᠦᠢᠯ ᠪᠣᠯᠭᠠᠵᠤ᠂ ᠪᠥᠬᠦ ᠶᠠᠪᠤᠴᠠ ᠳᠤ ᠰᠦᠯᠵᠢᠶ᠎ᠡ ᠪᠠᠷ ᠰᠢᠢᠳᠪᠦᠷᠢᠯᠡᠬᠦ ᠵᠦᠢᠯᠡᠰ ᠢ 707 ᠵᠦᠢᠯ ᠪᠣᠯᠭᠠᠪᠠ︔ ︽ᠨᠢᠭᠡ ᠬᠤᠲᠠ ᠳᠤ ᠨᠡᠶᠢᠳᠡᠮ ᠰᠢᠢᠳᠪᠦᠷᠢᠯᠡᠬᠦ︾ ᠵᠦᠢᠯᠡᠰ ᠤᠨ ᠨᠠᠷᠢᠨ ᠬᠠᠭᠤᠳᠠᠰᠤ ᠶᠢ ᠨᠡᠶᠢᠲᠡᠯᠡᠵᠦ᠂ ᠬᠤᠲᠠ ᠳᠥᠷᠪᠡᠨ ᠲᠣᠭᠤᠷᠢᠭ ᠲᠤ ᠨᠡᠶᠢᠳᠡᠮ ᠰᠢᠢᠳᠪᠦᠷᠢᠯᠡᠬᠦ ᠵᠦᠢᠯᠡᠰ 147 ᠂ ᠬᠤᠰᠢᠭᠤ ᠰᠢᠶᠠᠨ ᠳᠤ ᠨᠡᠶᠢᠳᠡᠮ ᠰᠢᠢᠳᠪᠦᠷᠢᠯᠡᠬᠦ ᠵᠦᠢᠯᠡᠰ 110᠃ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠶ ᠳᠤᠨᠢ ᠰᠢᠢᠳᠪᠦᠷᠢᠯᠡᠬᠦ ᠰᠠᠷ᠎ᠠ ᠪᠦᠷᠢ ᠶᠢᠨ ᠲᠣᠬᠢᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ︽12345︾ ᠠᠷᠠᠳ ᠲᠤ ᠳᠦᠭᠦᠮ ᠦᠵᠡᠭᠦᠯᠬᠦ ᠬᠠᠯᠠᠭᠤᠨ ᠤᠲᠠᠰᠤ 149.90 ᠭᠠᠷᠤᠶ ᠲᠦᠮᠡᠨ ᠬᠤᠪᠢ ᠭᠤᠮᠣᠳᠠᠯ ᠱᠠᠭᠠᠷᠳᠠᠯᠭ᠎ᠠ ᠶᠢ ᠬᠦᠯᠢᠶᠡᠨ ᠠᠪᠴᠤ ᠰᠢᠢᠳᠪᠦᠷᠢᠯᠡᠵᠦ᠂ 145.06 ᠲᠦᠮᠡᠨ ᠬᠤᠪᠢ ᠬᠡᠷᠡᠭ ᠢ ᠰᠢᠢᠳᠪᠦᠷᠢᠯᠡᠨ ᠳᠠᠭᠤᠰᠬᠠᠪᠠ᠃      ︵ᠭᠤᠷᠪᠠ︶ ᠰᠠᠶᠢᠨ ᠬᠠᠤᠯᠢ ᠪᠠᠷ ᠴᠢᠳᠠᠮᠠᠭᠠᠶ ᠪᠠᠷ ᠵᠠᠰᠠᠵᠤ ᠰᠢᠨ᠎ᠡ ᠪᠠᠶᠢᠳᠠᠯ ᠢ ᠪᠤᠢ ᠪᠣᠯᠭᠠᠪᠠ᠃ ᠨᠠᠮ ᠤᠨ ᠬᠠᠤᠯᠢ ᠲᠣᠭᠲᠠᠭᠠᠬᠤ ᠠᠵᠢᠯ ᠳᠠᠬᠢ ᠬᠠᠷᠢᠴᠠᠯᠠᠰᠢ ᠥᠬᠡᠶ ᠤᠳᠤᠷᠢᠳᠤᠯᠭ᠎ᠠ ᠶᠢ ᠡᠷᠡᠰ ᠭᠤᠶᠢᠪᠢᠰᠢ ᠥᠬᠡᠶ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠪᠠ ᠴᠢᠬᠤᠯᠠ ᠶᠡᠭᠡ ᠬᠠᠤᠯᠢ ᠲᠣᠭᠲᠠᠭᠠᠬᠤ ᠵᠦᠢᠯᠡᠰ ᠢ ᠬᠤᠲᠠ ᠶᠢᠨ ᠨᠠᠮ ᠤᠨ ᠬᠤᠷᠢᠶ᠎ᠠ ᠳᠤ ᠮᠡᠳᠡᠭᠦᠯᠦᠨ ᠮᠡᠳᠡᠭᠦᠯᠬᠦ ᠲᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ 2022 ᠣᠨ ᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢ ᠳᠠᠷᠤᠮᠠᠯᠯᠠᠨ ᠲᠠᠷᠬᠠᠭᠠᠪᠠ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠠᠤᠯᠢ ᠲᠣᠭᠲᠠᠭᠠᠯᠲᠠ ᠶᠢ ᠴᠢᠩᠭᠠᠳᠬᠠᠵᠤ᠂ ︽ᠬᠥᠬᠡᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ︾ ᠵᠡᠷᠭᠡ 10 ᠬᠤᠪᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ︽ᠬᠥᠬᠡᠬᠤᠲᠠ ᠶᠢᠨ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ 7 ᠬᠤᠪᠢ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠤᠭᠤᠷᠪᠢᠬᠤ᠂ ᠵᠠᠰᠠᠨ ᠬᠢᠨᠠᠬᠤ ᠠᠵᠢᠯ ᠢ ᠪᠡᠶᠡᠯᠡᠭᠦᠯᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ 12 ᠬᠤᠪᠢ ᠪᠦᠷᠢᠳᠬᠡᠨ ᠳᠡᠩᠰᠡᠯᠡᠵᠦ᠂ ᠬᠤᠰᠢᠭᠤ ᠰᠢᠶᠠᠨ ᠲᠣᠭᠤᠷᠢᠭ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ 19 ᠬᠤᠪᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠤᠷᠢᠳᠠᠴᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠪᠠ 4 ᠬᠤᠪᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠦᠷᠢᠳᠬᠡᠨ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠢ ᠪᠡᠶᠡᠯᠡᠭᠦᠯᠪᠡ᠃ ᠢᠷᠭᠡᠨ ᠤ ᠬᠠᠤᠯᠢ ᠶᠢᠨ ᠪᠢᠴᠢᠭ᠂ ︽ᠦᠨᠡᠮᠯᠡᠯ ᠪᠠ ᠭᠡᠷᠡᠴᠢ ᠶᠢ ᠰᠠᠯᠭᠠᠬᠤ︾᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠳᠤ ᠬᠤᠯᠪᠣᠭᠳᠠᠭᠰᠠᠨ ᠥᠭᠡᠷᠡᠴᠢᠯᠡᠯᠲᠡ ᠵᠡᠷᠭᠡ ᠬᠦᠷᠢᠶᠡᠨ ᠳᠠᠬᠢ ᠵᠠᠰᠠᠭ ᠤᠨ ᠣᠷᠳᠣᠨ ᠤ 5 ᠵᠦᠢᠯ ᠤᠨ ᠲᠦᠷᠢᠮ ᠲᠣᠭᠲᠠᠭᠠᠯ ᠢ ᠢᠯᠭᠠᠷᠠᠭᠤᠯᠤᠨ ᠴᠡᠭᠴᠡᠯᠡᠪᠡ᠃      ︵ᠳᠥᠷᠪᠡ︶ ᠵᠠᠰᠠᠭ ᠵᠠᠬᠢᠷᠭᠠᠨ ᠤ ᠰᠢᠢᠳᠪᠦᠷᠢᠲᠦ‌‍ᠪᠣᠳᠣᠯᠭ᠎ᠠ ᠲᠣᠭᠲᠠᠭᠠᠬᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠪᠠ᠃ ︽ᠬᠥᠬᠡᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠢ ᠲᠣᠭᠲᠠᠭᠠᠨ ᠨᠡᠶᠢᠲᠡᠯᠡᠬᠦ ᠶᠢᠨ ᠬᠠᠮᠲᠤ ᠬᠥᠳᠡᠯᠦᠩᠭᠦᠶ ᠲᠣᠬᠢᠷᠠᠭᠤᠯᠤᠯᠲᠠ ᠶᠢ ᠬᠡᠷᠡᠭᠵᠢᠭᠦᠯᠪᠡ᠃ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠬᠠᠤᠯᠢ ᠪᠠᠷ ᠲᠣᠭᠲᠠᠭᠠᠭᠰᠠᠨ ᠵᠢᠷᠤᠮ ᠢ ᠭᠦᠢᠴᠡᠳᠬᠡᠬᠦ ᠶᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠳᠤ ᠵᠠᠪᠠᠯ ᠬᠢᠨᠠᠬᠤ ᠠᠭᠤᠯᠭ᠎ᠠ ᠪᠣᠯᠭᠠᠵᠤ᠂ ᠬᠤᠳᠠ ᠶᠢᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠵᠦᠢᠯᠡᠰ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠬᠤᠯᠪᠣᠭᠳᠠᠯ ᠪᠦᠬᠦᠢ ᠵᠥᠪᠯᠡᠯᠴᠡᠭᠡᠷ ᠲᠤ 102 ᠬᠤᠪᠢ ᠤᠳᠠᠭ᠎ᠠ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠬᠢᠪᠡ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ ᠲᠤᠰᠢᠶᠠᠯᠲᠤ ᠬᠠᠤᠯᠢᠴᠢ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠬᠤᠳᠠ ᠳᠤ ᠤᠳᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ 442 ᠨᠡᠷᠡᠰ ︵ᠭᠡᠷ︶᠂ ᠠᠯᠪᠠᠨ ᠲᠤᠰᠢᠶᠠᠯᠲᠤ ᠬᠠᠤᠯᠢᠴᠢ 118 ᠨᠡᠷᠡᠰ ᠪᠠᠶᠢᠵᠤ᠂ ᠬᠤᠳᠠ ᠶᠢᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠠᠴᠠ ᠰᠢᠢᠳᠪᠦᠷᠢᠲᠦ ᠪᠤᠳᠤᠯᠭ᠎ᠠ ᠶᠢᠨ ᠦᠢᠯᠡᠴᠢᠯᠡᠭᠡ 12 ᠬᠤᠪᠢ ᠤᠳᠠᠭ᠎ᠠ ᠬᠠᠩᠭᠠᠪᠠ᠃      ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠨᠠᠩ ᠴᠢᠩᠭ᠎ᠠ ᠵᠢᠷᠤᠮᠵᠢᠭᠤᠯᠪᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠰᠢᠳᠬᠡᠯ ᠤᠨ ᠬᠠᠤᠯᠢ ᠶᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠵᠦ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠥᠷᠨᠢᠭᠦᠯᠵᠦ᠂ 22 ᠵᠦᠢᠯ ᠤᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠵᠦ᠂ ᠵᠠᠰᠠᠭ ᠵᠠᠬᠢᠷᠭᠠᠨ ᠤ ᠰᠢᠳᠬᠡᠯ ᠤᠨ ᠬᠡᠷᠡᠭ ᠤᠨ 130 ᠭᠠᠷᠤᠶ ᠡᠪᠬᠡᠮᠡᠯ ᠢ ᠰᠣᠩᠭᠤᠨ ᠪᠠᠶᠢᠴᠠᠭᠠᠵᠤ ᠦᠨᠡᠯᠡᠨ ᠪᠠᠶᠢᠴᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠦᠨᠳᠦᠰᠦᠨ ᠱᠠᠲᠤᠨ ᠤ 11 ᠲᠤᠷᠰᠢᠯᠲᠠ ᠶᠢᠨ ᠬᠠᠤᠯᠢ ᠪᠠᠷᠢᠬᠤ ᠭᠠᠵᠠᠷ ᠢ ᠲᠣᠭᠲᠠᠭᠠᠪᠠ᠃ ︽ᠬᠥᠬᠡᠬᠤᠲᠠ ᠶᠢᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠬᠥᠬᠡᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠪᠠ᠃ ᠤᠶᠠᠨ ᠴᠢᠨᠠᠷᠲᠠᠶ ᠬᠠᠤᠯᠢ ᠬᠡᠷᠡᠭᠵᠢᠭᠦᠯᠦᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠥᠯᠥ ᠬᠡᠷᠡᠭᠵᠢᠭᠦᠯᠬᠦ ᠲᠣᠳᠣᠷᠬᠠᠶ ᠬᠠᠭᠤᠳᠠᠰᠤ ︵2022 ᠳ᠋ᠤᠭᠠᠷ ᠨᠢᠭᠤᠷ︶ ᠪᠠ ᠬᠠᠤᠯᠢ ᠶᠢ ᠬᠥᠩᠭᠡᠪᠲᠦᠷ ᠵᠥᠷᠢᠴᠡᠭᠰᠡᠨ ᠦᠢᠯᠡ ᠠᠵᠢᠯᠯᠠᠭ᠎ᠠ ᠶᠢ ᠵᠠᠰᠠᠭ ᠵᠠᠬᠢᠷᠭᠠᠨ ᠤ ᠰᠢᠳᠬᠡᠯ ᠠᠴᠠ ᠭᠡᠯᠳᠦᠷᠢᠭᠦᠯᠬᠦ ︵ᠬᠥᠩᠭᠡᠷᠡᠭᠦᠯᠬᠦ︶ ᠲᠣᠳᠣᠷᠬᠠᠶ ᠬᠠᠭᠤᠳᠠᠰᠤ ︵2022 ᠳ᠋ᠤᠭᠠᠷ ᠨᠢᠭᠤᠷ︶ ᠶᠢ ᠨᠡᠶᠢᠲᠡᠯᠡᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠭᠤᠯᠤᠯ ᠢ 2 ᠬᠤᠭᠤᠴᠠᠭ᠎ᠠ ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ 2 ᠲᠦᠮᠡ ᠭᠠᠷᠤᠶ ᠬᠥᠮᠦᠨ ᠳᠤ ᠪᠣᠯᠪᠠᠰᠤᠷᠠᠭᠤᠯᠵᠤ᠂ ᠰᠢᠨ᠎ᠡ ᠬᠡᠪᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ 9000 ᠭᠠᠷᠤᠶ ᠬᠤᠪᠢ ᠣᠯᠭᠤᠪᠠ᠃      ︵ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠠᠩ ᠪᠦᠷᠢᠨᠰᠢᠬᠦᠯᠪᠡ᠃ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠰᠲ᠋ᠧᠮ ᠢ ᠪᠠᠶᠢᠭᠤᠯᠵᠤ᠂ ᠬᠤᠳᠠ ᠶᠢᠨ ᠳᠠᠷᠤᠭ᠎ᠠ ᠪᠠᠷ ᠶᠡᠷᠦᠩᠬᠡᠶ ᠵᠢᠯᠤᠭᠤᠳᠤᠬᠴᠢ ᠪᠣᠯᠭᠠᠭᠰᠠᠨ᠂ ᠬᠤᠪᠢᠳᠠᠨ ᠬᠠᠮᠢᠶᠠᠷᠴᠤ ᠪᠠᠶᠢᠭ᠎ᠠ ᠬᠤᠳᠠ ᠶᠢᠨ ᠳᠡᠳ᠋ ᠳᠠᠷᠤᠭ᠎ᠠ ᠪᠠᠷ ᠳᠡᠳ᠋ ᠶᠡᠷᠦᠩᠬᠡᠶ ᠵᠢᠯᠤᠭᠤᠳᠤᠬᠴᠢ ᠪᠣᠯᠭᠠᠭᠰᠠᠨ᠂ ᠬᠤᠳᠠ ᠶᠢᠨ ᠱᠠᠲᠤᠨ ᠤ 26 ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠲᠤᠬᠠᠶ ᠶᠢᠨ ᠲᠠᠯᠠᠪᠤᠷ ᠤᠨ ᠵᠢᠯᠤᠭᠤᠳᠤᠬᠴᠢ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠨ ᠵᠢᠯᠣᠭᠤᠳᠬᠤ ᠲᠣᠭᠲᠠᠴᠠ ᠶᠢ ᠪᠠᠶᠢᠭᠤᠯᠪᠠ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠪᠡᠯᠡᠳᠬᠡᠯ ᠲᠥᠰᠦᠯ ᠪᠠ ᠠᠶᠤᠯᠭᠦᠶ ᠦᠢᠯᠡᠳᠪᠦᠷᠢᠯᠡᠯ᠂ ᠪᠠᠶᠢᠭᠠᠯᠢ ᠶᠢᠨ ᠭᠠᠮᠰᠢᠭ ᠤᠨ ᠲᠦᠷᠦᠯ ᠤᠨ ᠲᠤᠰᠬᠠᠶ ᠵᠦᠢᠯ ᠤᠨ ᠪᠡᠯᠡᠳᠬᠡᠯ ᠲᠥᠰᠦᠯ᠂ ᠰᠠᠯᠠᠭ᠎ᠠ ᠮᠥᠴᠢᠷ ᠤᠨ ᠪᠡᠯᠡᠳᠬᠡᠯ ᠲᠥᠰᠦᠯ ᠢ 16 ᠵᠦᠢᠯ ᠳᠤ ᠨᠠᠶᠢᠷᠠᠭᠤᠯᠤᠨ ᠵᠣᠬᠢᠶᠠᠪᠠ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ᠂ ᠠᠶᠤᠯ ᠥᠬᠡᠶ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠵᠡᠷᠭᠡ 4 ᠬᠦᠷᠢᠶ᠎ᠡ ᠴᠠᠷᠠᠭ᠎ᠠ ᠶᠢᠨ 14 ᠠᠵᠢᠯ ᠲᠥᠷᠥᠯ ᠤᠨ 226 ᠬᠥᠮᠦᠨ ᠤ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠠᠶᠤᠯ ᠲᠠᠢ ᠪᠣᠯᠭᠠᠬᠤ᠂ ᠪᠠᠴᠢᠮ ᠪᠠᠶᠢᠳᠠᠯ ᠢ ᠠᠷᠭᠠᠴᠠᠬᠤ ᠨᠡᠶᠢᠲᠡ ᠶᠢᠨ ᠠᠰᠠᠷᠠᠮᠵᠢ ᠵᠡᠷᠭᠡ 4 ᠲᠤᠰᠬᠠᠶ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠪᠠ᠃ 68 ᠲᠣᠮᠢᠯᠠᠭᠰᠠᠨ ᠰᠠᠯᠪᠤᠷᠢ ᠨᠢ ᠬᠠᠤᠯᠢ ᠴᠠᠭᠠᠵᠠ ᠶᠢᠨ ᠭᠠᠵᠠᠷ ᠲᠠᠢ ᠬᠤᠣᠰᠯᠠᠨ ᠬᠠᠮᠲᠤ ᠪᠠᠷ ᠪᠠᠶᠢᠭᠤᠯᠵᠤ᠂ ︽ᠬᠤᠶᠠᠷ ᠭᠠᠵᠠᠷ ᠬᠤᠯᠪᠣᠭᠠᠯᠠᠨ ᠬᠥᠳᠡᠯᠦᠯᠴᠡᠬᠦ︾ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ ᠲᠦᠯᠬᠢᠨ ᠠᠬᠢᠭᠤᠯᠪᠠ᠃      ︵ᠳᠣᠯᠤᠭ᠎ᠠ︶ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠢ ᠨᠠᠩ ᠵᠢᠷᠤᠮᠵᠢᠭᠤᠨ ᠪᠥᠭᠡᠳ ᠢᠯᠡ ᠲᠣᠳᠣ ᠪᠣᠯᠭᠠᠪᠠ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠠᠵᠢᠯ ᠢᠶᠠᠨ ᠮᠡᠳᠡᠭᠦᠯᠬᠦ᠂ ᠯᠠᠪᠯᠠᠨ ᠠᠰᠠᠭᠤᠬᠤ ᠪᠠ ᠲᠤᠯᠭᠠᠨ ᠠᠰᠠᠭᠤᠬᠤ ᠶᠢ ᠬᠦᠯᠢᠶᠡᠨ ᠠᠪᠬᠤ ᠵᠡᠷᠭᠡ ᠲᠦᠷᠢᠮ ᠢ ᠬᠢᠨᠠᠮᠠᠭᠠᠶ ᠬᠡᠷᠡᠭᠵᠢᠭᠦᠯᠵᠦ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠳᠤ ᠠᠵᠢᠯ ᠤᠨ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠳᠡᠵᠦ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠳᠤ ᠬᠠᠷᠢᠭᠤᠯᠲᠠ ᠥᠭᠭᠦᠭᠰᠡᠨ 328 ᠬᠤᠪᠢ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ 186 ᠬᠤᠪᠢ ᠰᠠᠨᠠᠯ ᠵᠥᠪᠯᠡᠯᠭᠡ ᠶᠢ ᠭᠦᠢᠴᠡᠳᠬᠡᠨ ᠬᠠᠷᠢᠭᠤ ᠥᠭᠴᠦ᠂ ᠳᠣᠲᠣᠭᠠᠳᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠲᠤᠰᠢᠶᠠᠨ ᠥᠭᠴᠦ ᠭᠦᠢᠴᠡᠳᠬᠡᠭᠦᠯᠬᠦ᠂ ᠰᠢᠮᠳᠠᠭᠤᠯᠤᠨ ᠭᠦᠢᠴᠡᠳᠬᠡᠭᠦᠯᠬᠦ᠂ ᠵᠠᠷᠯᠠᠨ ᠮᠡᠳᠡᠭᠳᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠡᠭᠡᠳᠦ ᠱᠠᠲᠤᠨ ᠤ ᠪᠠᠶᠢᠭᠤᠯᠭ᠎ᠠ ᠠᠴᠠ ᠲᠤᠤᠷᠠᠳᠤ ᠱᠠᠲᠤᠨ ᠤ ᠪᠠᠶᠢᠭᠤᠯᠭ᠎ᠠ ᠳᠤ ᠱᠠᠳᠤ ᠱᠠᠳᠤ ᠪᠠᠷ ᠬᠢᠨᠠᠯᠲᠠ ᠲᠠᠯᠪᠢᠬᠤ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠲᠦᠯᠬᠢᠨ ᠠᠬᠢᠭᠤᠯᠪᠠ᠃ ᠪᠦᠬᠦ ᠬᠤᠳᠠ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠷᠠᠳ ᠤᠨ ᠠᠮᠢᠳᠤᠷᠠᠯ ᠤᠨ ᠴᠢᠬᠤᠯᠠ ᠶᠡᠭᠡ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠨᠡᠶᠢᠲᠡᠯᠡᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ 2289 ᠵᠤᠷᠪᠤᠰ ᠬᠠᠤᠯᠢ ᠶᠣᠰᠣᠭᠠᠷ ᠨᠡᠶᠢᠲᠡᠯᠡᠪᠡ᠃ ᠲᠦᠷᠦ ᠶᠢᠨ ᠪᠤᠳᠤᠯᠭ᠎ᠠ ᠶᠢ ᠤᠩᠰᠢᠨ ᠲᠠᠶᠢᠯᠪᠤᠷᠢᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠳᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠮᠡᠳᠡᠭᠡ ᠵᠠᠩᠭᠢ 73 ᠵᠤᠷᠪᠤᠰ ᠨᠡᠶᠢᠲᠡᠯᠡᠪᠡ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ︽ᠥᠪᠥᠷ ᠮᠣᠩᠭᠤᠯ ᠤᠨ ᠠᠵᠤ ᠠᠬᠤᠶᠢᠯᠠᠯ ᠢ ᠨᠡᠪᠲᠡᠷᠡᠭᠦᠯᠬᠦ︾ ᠲᠠᠪᠴᠠᠩ ᠤᠨ ᠵᠠᠭᠠᠯᠳᠤᠭᠰᠠᠨ ᠬᠡᠷᠡᠭ ᠢ 35 ᠬᠤᠪᠢ ᠰᠢᠢᠳᠪᠦᠷᠢᠯᠡᠨ ᠳᠠᠭᠤᠰᠬᠠᠪᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠶᠢ ᠰᠢᠪᠠᠳᠠᠨ ᠨᠠᠶᠢᠳᠠᠪᠤᠷᠢᠵᠢᠭᠤᠯᠬᠤ ᠶᠢ ᠪᠠᠶᠢᠩᠭᠤᠵᠢᠭᠤᠯᠬᠤ ᠲᠣᠭᠲᠠᠴᠠ ᠶᠢ ᠪᠠᠶᠢᠭᠤᠯᠵᠤ᠂ ᠪᠥᠬᠦ ᠬᠤᠲᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠨᠣᠷᠮ᠎ᠠ 100 % ᠬᠦᠷᠪᠡ᠃      ︵ᠨᠠᠢᠮᠠ︶ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠰᠢᠰᠲ᠋ᠧᠮ ᠢ ᠨᠡᠩ ᠲᠡᠭᠦᠯᠳᠡᠷᠵᠢᠭᠦᠯᠪᠡ᠃ ᠠᠷᠠᠳ ᠤᠨ ᠡᠶᠡᠳᠡᠭᠦᠯᠭᠡ ᠶᠢ ᠭᠦᠨᠵᠡᠭᠡᠶ ᠲᠦᠯᠬᠢᠨ ᠠᠬᠢᠭᠤᠯᠵᠤ᠂ ︽ᠡᠶᠡᠳᠡᠭᠦᠯᠭᠡ ᠪᠠᠷ ᠲᠣᠭᠲᠠᠭᠤᠨ ᠪᠠᠶᠢᠳᠠᠯ ᠢ ᠠᠬᠢᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ︾ ᠲᠤᠰᠬᠠᠶ ᠠᠵᠢᠯᠯᠠᠭ᠎ᠠ ᠶᠢ ᠥᠷᠨᠢᠭᠦᠯᠵᠦ᠂ 4398 ᠵᠦᠢᠯ ᠤᠨ ᠵᠥᠷᠢᠴᠡᠯ ᠵᠢᠭᠤᠷᠠᠯᠳᠤᠭᠠᠨ ᠢ ᠳᠠᠷᠠᠭᠠᠯᠠᠨ ᠪᠠᠶᠢᠴᠠᠭᠠᠨ ᠰᠢᠢᠳᠪᠦᠷᠢᠯᠡᠵᠦ᠂ 4350 ᠵᠦᠢᠯ ᠢ ᠡᠶᠡᠳᠡᠭᠦᠯᠦᠭᠡᠳ ᠠᠮᠵᠢᠯᠲᠠ ᠣᠯᠵᠤ᠂ ᠡᠶᠡᠳᠡᠭᠦᠯᠦᠭᠡᠳ ᠠᠮᠵᠢᠯᠲᠠ ᠣᠯᠤᠭᠰᠠᠨ ᠨᠤᠷᠮ᠎ᠠ ᠨᠢ 98.9% ᠳᠤ ᠬᠦᠷᠴᠦ᠂ ᠬᠤᠯᠪᠣᠭᠳᠠᠭᠰᠠᠨ ᠵᠣᠭᠤᠰᠣᠨ ᠤ ᠲᠤᠭ᠎ᠠ ᠨᠢ 12552.283 ᠲᠦᠮᠡᠨ ᠲᠥᠭᠦᠷᠢᠭ ᠲᠤ ᠬᠦᠷᠴᠡᠶ᠃ ᠢᠷᠭᠡᠨ ᠤ ᠪᠠ ᠬᠤᠳᠠᠯᠳᠤᠭᠠᠨ ᠤ ᠬᠡᠷᠡᠭ ᠤᠨ ᠮᠠᠷᠭᠤᠯᠳᠤᠭᠠᠨ ᠢ ᠰᠢᠢᠳᠪᠦᠷᠢᠯᠡᠬᠦ ᠶᠢ ᠴᠢᠩᠭᠠᠳᠬᠠᠵᠤ᠂ ᠬᠥᠬᠡᠬᠤᠲᠠ ᠶᠢᠨ ᠬᠥᠨᠳᠡᠯᠡᠨ ᠠᠴᠠ ᠲᠠᠰᠤᠯᠬᠤ ᠵᠥᠪᠯᠡᠯ ᠡᠯ᠎ᠡ ᠲᠥᠷᠥᠯ ᠤᠨ ᠢᠷᠭᠡᠨ ᠤ ᠪᠠ ᠬᠤᠳᠠᠯᠳᠤᠭᠠᠨ ᠤ ᠬᠡᠷᠡᠭ ᠤᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠬᠡᠷᠡᠭ ᠢ 596 ᠬᠤᠪᠢ ᠭᠥᠯᠢᠶᠡᠨ ᠠᠪᠴᠤ ᠰᠢᠢᠳᠪᠦᠷᠢᠯᠡᠵᠦ᠂ ᠮᠠᠷᠭᠤᠯᠳᠤᠭᠠᠨ ᠤ ᠬᠠᠷᠠᠯᠲᠠ ᠨᠢ ᠪᠠᠷᠤᠭ 13 ᠳ᠋ᠦᠩᠰᠢᠭᠤᠷ ᠲᠥᠭᠦᠷᠢᠭ ᠲᠤ ᠬᠥᠷᠪᠡ᠃ ᠵᠠᠰᠠᠭ ᠵᠠᠬᠢᠷᠭᠠᠨ ᠤ ᠳᠠᠬᠢᠨ ᠵᠥᠪᠯᠡᠵᠦ ᠮᠠᠷᠭᠤᠯᠳᠤᠭᠠᠨ ᠢ ᠠᠷᠢᠯᠭᠠᠬᠤ ᠭᠤᠤᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ 130 ᠬᠤᠪᠢ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠬᠡᠷᠡᠭ ᠢ ᠰᠢᠢᠳᠪᠦᠷᠢᠯᠡᠪᠡ᠃ ᠠᠷᠠᠳ ᠤᠨ ᠰᠢᠭᠦᠬᠦ ᠬᠤᠷᠢᠶ᠎ᠠ ᠲᠠᠢ ᠢᠳᠡᠪᠬᠢᠲᠡᠶ ᠬᠠᠮᠵᠢᠯᠴᠠᠨ ᠵᠥᠷᠢᠴᠡᠯ ᠵᠢᠭᠤᠷᠠᠯᠳᠤᠭᠠᠨ ᠢ ᠦᠨᠡᠨ ᠪᠣᠳᠠᠲᠠᠶ ᠪᠠᠷ ᠠᠷᠢᠯᠭᠠᠵᠤ᠂ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠢ 55 ᠬᠤᠪᠢ ᠰᠢᠢᠳᠪᠦᠷᠢᠯᠡᠪᠡ᠃ ︽1+1︾ ᠳᠤᠮᠳᠠᠳᠤ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠶᠢᠨ ᠳᠤᠷ᠎ᠠ ᠶᠢᠨ ᠠᠵᠢᠯᠯᠠᠭ᠎ᠠ ᠶᠢ ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠬᠠᠷᠢᠴᠠᠩᠭᠤᠶ ᠪᠠᠷ ᠳᠤᠲᠠᠭᠳᠠᠵᠤ ᠪᠠᠶᠢᠭ᠎ᠠ ᠭᠠᠵᠠᠷ ᠣᠷᠣᠨ ᠳᠤ ᠰᠢᠯᠵᠢᠬᠦ ᠶᠢ ᠵᠣᠷᠢᠭᠵᠢᠭᠤᠯᠤᠨ ᠲᠡᠮᠵᠢᠵᠤ᠂ ᠪᠦᠬᠦ ᠬᠤᠳᠠ ᠶᠢᠨ ᠡᠯ᠎ᠡ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠬᠠᠤᠯᠢ ᠴᠠᠭᠠᠵᠠ ᠶᠢᠨ ᠲᠤᠰᠠᠯᠠᠮᠵᠢ ᠶᠢᠨ 1637 ᠬᠡᠷᠡᠭ ᠢ ᠰᠢᠢᠳᠪᠦᠷᠢᠯᠡᠵᠦ᠂ ᠲᠤᠰᠠᠯᠠᠮᠵᠢ ᠬᠥᠷᠳᠡᠭᠰᠡᠳ ᠤᠨ 1640 ᠭᠠᠷᠤᠶ ᠬᠥᠮᠦᠨ ᠢ ᠲᠤᠰᠠᠯᠠᠪᠠ᠃      ︵ᠶᠢᠰᠦ︶ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠶᠢ ᠨᠡᠩ ᠬᠦᠴᠦᠲᠡᠶ ᠪᠣᠯᠭᠠᠪᠠ᠃ ︽ᠬᠥᠬᠡᠬᠤᠲᠠ ᠶᠢᠨ ᠤᠶᠤᠨᠲᠤ ᠬᠤᠲᠠ ᠶᠢᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠲᠠ ᠶᠢᠨ ᠶᠡᠭᠡ ᠲᠠᠷᠢᠬᠢ ᠶᠢ 3.0 ᠶᠢ ᠰᠢᠯᠢᠳᠡᠭᠵᠢᠭᠦᠯᠦᠨ ᠪᠥᠲᠥᠭᠡᠨ ᠪᠠᠶᠢᠭᠤᠯᠵᠤ᠂ ᠬᠤᠲᠠ ᠶᠢᠨ ᠶᠡᠭᠡ ᠲᠠᠷᠢᠬᠢ ᠶᠢ ︽ᠣᠶᠤᠨᠴᠢᠯᠠᠭᠰᠠᠨ ᠬᠥᠨᠳᠡᠯᠡᠨ ᠭᠤᠯᠳᠤ ᠴᠢᠭᠯᠡᠯ ᠢᠶᠠᠷ ᠵᠡᠷᠭᠡ ᠪᠠᠷ ᠳᠥᠯᠭᠢᠨ ᠠᠬᠢᠭᠤᠯᠵᠤ᠂ ᠵᠡᠷᠭᠡ ᠪᠠᠷ ᠲᠠᠰ ᠳᠡᠪᠰᠢᠭᠦᠯᠬᠦ︾ ᠳᠠᠪᠬᠤᠴᠠᠭᠤᠯᠤᠨ ᠲᠠᠰ ᠳᠡᠪᠰᠢᠭᠦᠯᠬᠦ ᠶᠢ ᠪᠡᠶᠡᠯᠡᠭᠦᠯᠪᠡ᠃ ︽ᠠᠢ ᠴᠢᠩ ᠴᠧᠩ︾ APP ᠶᠢ ᠲᠡᠭᠦᠯᠳᠡᠷᠵᠢᠭᠦᠯᠵᠦ᠂ 160 ᠭᠠᠷᠤᠶ ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠤ ᠬᠤᠯᠪᠣᠪᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠰᠣᠯᠢᠯᠴᠠᠭ᠎ᠠ ᠶᠢ ᠴᠢᠩᠭᠠᠳᠬᠠᠵᠤ᠂ ᠲᠠᠪᠴᠠᠩ ᠢ ᠪᠦᠬᠦ ᠬᠤᠳᠠ ᠶᠢᠨ 55 ᠨᠢᠭᠡᠴᠢ ᠶᠢ ᠬᠠᠮᠤᠷᠴᠤ᠂ 2040 ᠵᠦᠢᠯ ᠤᠨ ᠭᠠᠷᠴᠠᠭ ᠢ ᠬᠦᠯᠢᠶᠡᠨ ᠠᠪᠴᠤ᠂ 1150 ᠵᠦᠢᠯ ᠤᠨ ᠡᠬᠢ ᠪᠠᠶᠠᠯᠢᠭ ᠢ ᠬᠦᠯᠢᠶᠡᠨ ᠠᠪᠴᠤ᠂ ᠲᠤᠭ᠎ᠠ ᠪᠠᠷᠢᠮᠲᠠ ᠶᠢᠨ ᠶᠡᠷᠦᠩᠬᠡᠶ ᠬᠡᠮᠵᠢᠶ᠎ᠡ ᠶᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠷᠤᠭ 50% ᠪᠠᠷ ᠳᠡᠭᠡᠭᠰᠢᠯᠡᠭᠦᠯᠪᠡ᠃ ᠬᠤᠲᠠ ᠶᠢᠨ ᠶᠡᠭᠡ ᠲᠠᠷᠢᠬᠢᠨ ᠤ ᠲᠣᠮᠣ ᠳ᠋ᠠᠶᠢᠲ᠋ᠠ ᠶᠢᠨ ᠲᠠᠪᠴᠠᠩ ᠤᠨ ᠲᠤᠭ᠎ᠠ ᠪᠠᠷᠢᠮᠲᠠ ᠶᠢ ᠴᠤᠭᠯᠠᠭᠤᠯᠬᠤ ᠶᠢ ᠴᠢᠩᠭᠠᠳᠬᠠᠵᠤ᠂ ᠶᠡᠷᠦᠩᠬᠡᠶ ᠲᠤᠭ᠎ᠠ ᠪᠠᠷᠢᠮᠲᠠ ᠶᠢᠨ ᠬᠡᠮᠵᠢᠶ᠎ᠡ ᠨᠢ 31 ᠳ᠋ᠦᠩᠰᠢᠭᠤᠷ ᠵᠤᠷᠪᠤᠰ ᠲᠤ ᠬᠦᠷᠴᠦ᠂ ᠨᠡᠶᠢᠭᠡᠮ ᠤᠨ ᠶᠡᠷᠦᠩᠬᠡᠶᠢᠯᠡᠨ ᠵᠠᠰᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠤᠲᠠ ᠶᠢᠨ ᠵᠠᠰᠠᠯᠲᠠ᠂ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠠᠮᠢ ᠠᠬᠤᠶ ᠶᠢᠨ ᠬᠠᠮᠠᠭᠠᠯᠠᠯᠲᠠ ᠵᠡᠷᠭᠡ ᠲᠠᠪᠤᠨ ᠶᠡᠭᠡ ᠬᠦᠷᠢᠶᠡᠨ ᠤ ᠬᠡᠷᠡᠭᠯᠡᠭᠡᠨ ᠤ ᠵᠦᠢᠯᠡᠰ ᠢ ᠲᠤᠯᠭᠠᠭᠤᠷᠢᠯᠠᠨ᠎ᠠ᠃ ᠪᠥᠬᠦ ᠣᠷᠣᠨ ᠤ ᠠᠩᠬᠠᠳᠠᠭᠴᠢ ᠣᠯᠠᠨ ᠨᠡᠶᠢᠲᠡ ᠶᠢᠨ ᠳ᠋ᠠᠶᠢᠲ᠋ᠠ ᠶᠢᠨ ᠨᠡᠭᠡᠭᠡᠯᠲᠡ ᠶᠢᠨ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠪᠠ᠃      ᠬᠤᠶᠠᠷ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ      2022 ᠣᠨ ᠳᠤ᠂ ᠬᠥᠬᠡᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠵᠣᠬᠢᠬᠤ ᠦᠷ᠎ᠡ ᠪᠦᠲᠦᠮᠵᠢ ᠣᠯᠤᠭᠰᠠᠨ ᠪᠣᠯᠪᠠᠴᠤ ᠨᠠᠮ ᠤᠨ ᠲᠥᠪ ᠬᠤᠷᠢᠶ᠎ᠠ ᠪᠣᠯᠤᠨ ᠠᠷᠠᠳ ᠣᠯᠠᠨ ᠤ ᠬᠦᠰᠡᠯ ᠡᠷᠡᠮᠡᠯᠵᠡᠯ ᠠᠴᠠ ᠪᠠᠰᠠ ᠡᠳᠦᠶ ᠲᠡᠳᠦᠶ ᠵᠥᠷᠢᠶ᠎ᠡ ᠲᠠᠢ ᠪᠠᠶᠢᠨ᠎ᠠ᠂ ᠡᠨᠡ ᠨᠢ ᠭᠤᠤᠯᠳᠠᠭᠤ᠄ ᠨᠢᠭᠡ ᠳᠤ ᠬᠤᠰᠢᠭᠤ ᠰᠢᠶᠠᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠲᠡᠩᠴᠡᠭᠦᠷᠢ ᠥᠬᠡᠶ ᠪᠠᠶᠢᠬᠤ ᠦᠵᠡᠭᠳᠡᠯ ᠮᠥᠨ ᠬᠦ ᠲᠣᠪᠤᠶᠢᠮ᠎ᠠ ᠪᠠᠶᠢᠨ᠎ᠠ︔ ᠬᠤᠶᠠᠷ ᠲᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠥᠪᠡᠷᠮᠢᠴᠡ᠂ ᠣᠨᠣᠪᠴᠢ ᠶᠢᠨ ᠬᠡᠮᠵᠢᠶ᠎ᠡ ᠪᠠ ᠬᠡᠷᠡᠭᠯᠡᠭᠡᠨ ᠤ ᠴᠢᠨᠠᠷ ᠢ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠭᠤᠷᠪᠠ ᠳᠤ ᠬᠠᠤᠯᠢ ᠬᠡᠷᠡᠭᠵᠢᠭᠦᠯᠬᠦ ᠡᠷᠬᠡ ᠶᠢ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠪᠠᠭᠤᠯᠭᠠᠭᠰᠠᠨ ᠤ ᠲᠠᠷᠠᠭ᠎ᠠ ᠢᠯᠡᠷᠡᠭᠰᠡᠨ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠬᠦᠴᠦᠨ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠪᠠᠰᠠ ᠠᠩᠬᠠᠷᠤᠨ ᠰᠢᠢᠳᠪᠦᠷᠢᠯᠡᠬᠦ ᠴᠢᠬᠤᠯᠠᠲᠠᠶ ᠪᠠᠶᠢᠨ᠎ᠠ᠃ ᠳᠡᠭᠡᠷᠡᠬᠢ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ᠂ ᠪᠢᠳᠡ ᠬᠤᠶᠢᠰᠢᠳᠠ ᠶᠢᠨ ᠠᠵᠢᠯ ᠤᠨ ᠳᠤᠮᠳᠠ ᠪᠠᠨ ᠨᠠᠷᠢᠨ ᠬᠢᠨᠠᠮᠠᠭᠠᠶ ᠰᠤᠳᠤᠯᠵᠤ᠂ ᠦᠨᠡᠨ ᠬᠦ ᠰᠢᠢᠳᠪᠦᠷᠢᠯᠡᠬᠦ ᠪᠣᠯᠤᠨ᠎ᠠ᠃      ᠭᠤᠷᠪᠠ᠂ 2023 ᠣᠨ ᠤ ᠭᠤᠣᠯ ᠳᠤᠬᠢᠷᠠᠭᠤᠯᠤᠯᠳᠠ      2023 ᠣᠨ ᠳᠤ᠂ ᠬᠥᠬᠡᠬᠤᠲᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠬᠤᠲᠠ ᠶᠢᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠲᠤᠰ ᠭᠠᠵᠠᠷ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠪᠣᠯᠤᠨ ᠠᠰᠠᠭᠤᠳᠠᠯ ᠢ ᠭᠦᠨᠵᠡᠭᠡᠢ ᠳ᠋ᠦᠩᠨᠡᠵᠦ᠂ ︽ᠬᠦᠴᠢᠷ ᠠᠰᠠᠭᠤᠳᠠᠯ︾ ᠢ ᠲᠣᠳᠣᠷᠬᠠᠢ ᠣᠶᠢᠯᠠᠭᠠᠵᠤ᠂ ︽ᠬᠦᠴᠢᠷ ᠠᠰᠠᠭᠤᠳᠠᠯ︾ ᠢ ᠣᠨᠣᠪᠴᠢᠲᠠᠢ ᠡᠷᠢᠵᠦ᠂ ︽ᠬᠦᠴᠢᠷ ᠠᠰᠠᠭᠤᠳᠠᠯ︾ ᠢ ᠰᠢᠯᠤᠭᠤᠳᠬᠠᠵᠤ᠂ ︽ᠲᠡᠷᠢᠭᠦᠨ ᠤ ᠠᠮᠢ ᠠᠬᠤᠢ᠂ ᠶᠠᠰᠤ ᠴᠢᠨᠠᠷ᠂ ᠵᠣᠯ ᠵᠢᠷᠭᠠᠯ᠂ ᠰᠣᠶᠣᠯ ᠤᠨ ᠲᠥᠪ︾ ᠢ ᠪᠦᠳᠦᠬᠡᠨ ᠪᠠᠶᠢᠭᠤᠯᠬᠤ ᠳᠤ ᠪᠠᠲᠤ ᠪᠠᠬᠢ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃ ᠨᠢᠭᠡ ᠳᠤ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠵᠣᠷᠢᠭ ᠰᠠᠨᠠᠭᠠᠨ ᠤ ᠮᠥᠨ ᠴᠢᠨᠠᠷ ᠢ ᠤᠨᠢᠨ ᠳᠡᠭᠡᠷ᠎ᠡ ᠨᠢ ᠣᠶᠢᠯᠠᠭᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠵᠢᠴᠢ ᠲᠡᠭᠦᠨ ᠤ ᠠᠮᠢᠳᠤᠯᠢᠭ ᠦᠢᠯᠡᠳᠦᠯᠭᠡ ᠶᠢ ᠥᠷᠭᠡᠨ ᠢᠶᠠᠷ ᠤᠬᠠᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠲᠦᠯᠬᠢᠨ ᠠᠬᠢᠭᠤᠯᠤᠨ᠎ᠠ᠃ ᠬᠤᠶᠠᠷ ᠲᠤ ᠤᠯᠠᠮ ᠨᠢᠭᠡ ᠠᠯᠬᠤᠮ ᠥᠷᠭᠡᠨ ᠢᠶᠠᠷ ᠰᠠᠨᠠᠯ ᠬᠤᠷᠢᠶᠠᠵᠤ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠳᠤ ᠤᠯᠠᠨ ᠨᠡᠶᠢᠲᠡ ᠶᠢᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠵᠤ᠂ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠭᠦᠨᠵᠡᠭᠡᠶ ᠥᠷᠨᠢᠭᠦᠯᠦᠨ᠎ᠡ᠃ ᠭᠤᠷᠪᠠ ᠳᠤ᠂ ᠤᠳᠤᠷᠢᠳᠬᠤ ᠺᠠᠳ᠋ᠷ ᠤᠨ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠵᠤ᠂ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷ ᠤᠨ ᠬᠠᠤᠯᠢᠵᠢᠯ ᠤᠨ ᠤᠬᠠᠮᠰᠠᠷ ᠪᠣᠯᠤᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠲᠦᠷᠪᠡ ᠳᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠪᠠ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠦ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠲᠠᠪᠤ ᠳᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠦᠴᠦᠨ ᠢ ᠲᠡᠭᠦᠯᠳᠡᠷᠵᠢᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠩᠨᠡᠭᠡᠨ ᠤ ᠬᠦᠴᠦᠨ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠠᠮᠲᠤ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃            ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ            2022 ᠣᠨ ᠤ 12 ᠰᠠᠷ᠎ᠠ ᠶᠢᠨ 12
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ