ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/4/12
            ᠬᠥᠬᠡᠬᠤᠲᠠ ᠵᠠᠰᠠᠭ ᠲᠠᠷᠬᠠᠭᠠᠭᠰᠠᠨ ﹇2022﹈ 49 ᠳ᠋ᠦ᠋ᠭᠡᠷ ᠲᠣᠭᠠᠲᠤ              ᠡᠯ᠎ᠡ ᠬᠤᠰᠢᠭᠤ᠂ ᠰᠢᠶᠠᠨ᠂ ᠲᠣᠭᠤᠷᠢᠭ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                 ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠥᠰᠥᠯ      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021 ︱ 2035 ᠣᠨ︶︾ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021 ︱ 2035 ᠣᠨ︶﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠨᠠᠮ ᠲᠠᠷᠬᠠᠭᠠᠭᠰᠠᠨ ﹇2022﹈ 36 ᠳ᠋ᠤᠭᠠᠷ ᠲᠣᠭᠠᠲᠤ︶ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ︽ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠲᠣᠭᠲᠠᠭᠠᠬᠤ ᠲᠤᠬᠠᠢ ᠮᠡᠳᠡᠭᠳᠡᠯ︾ ︵ᠤᠯᠤᠰ ᠮᠡᠳᠡᠯᠭᠡ ᠬᠥᠭᠵᠢᠭᠦᠯᠦᠯᠲᠡ ᠡᠷᠬᠢᠯᠲᠡ ᠥᠰᠥᠭ ﹇2022﹈ 33 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢ ᠡᠭᠦᠳᠦᠨ ᠪᠠᠶᠢᠭᠤᠯᠬᠤ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠢ ᠡᠭᠦᠳᠦᠨ ᠪᠦᠲᠦᠭᠡᠬᠦ᠂ ᠥᠨᠳᠥᠷ ᠦᠷ᠎ᠡ ᠠᠰᠢᠭ ᠲᠠᠢ ᠬᠡᠷᠡᠭᠯᠡᠬᠦ᠂ ᠥᠨᠳᠥᠷ ᠪᠠᠷᠢᠮᠵᠢᠶ᠎ᠠ ᠪᠠᠷ ᠬᠠᠮᠠᠭᠠᠯᠠᠬᠤ᠂ ᠥᠨᠳᠥᠷ ᠬᠢᠷᠢ ᠲᠦᠪᠰᠢᠨ ᠲᠠᠢ ᠦᠢᠯᠡᠴᠢᠯᠡᠬᠦ ᠶᠢ ᠠᠬᠢᠭᠤᠯᠤᠨ᠂ ᠮᠠᠨ ᠤ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠶ  ᠲᠤᠯᠭᠠᠭᠤᠷᠢᠯᠠᠬᠤ ᠶᠢᠨ ᠲᠤᠰᠠᠳᠠ᠂ ᠬᠥᠬᠡᠬᠤᠲᠠ ᠶᠢᠨ ᠪᠣᠳᠠᠲᠠᠢ ᠲᠠᠢ ᠤᠶᠠᠯᠳᠤᠭᠤᠯᠤᠨ ᠲᠣᠰ ᠲᠥᠰᠥᠯ ᠢ ᠲᠣᠭᠲᠠᠭᠠᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠢᠨ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠲᠤᠬᠠᠢ ᠰᠢᠷᠢᠰ ᠴᠢᠬᠤᠯᠠ ᠵᠢᠭᠠᠪᠤᠷᠢ ᠶᠢᠨ ᠥᠭᠦᠯᠡᠯᠲᠡ ᠪᠣᠯᠣᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠯᠦᠪᠵᠢᠭᠦᠯᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠠᠵᠠ ᠲᠣᠬᠢᠶᠠᠯ ᠢ ᠢᠳᠡᠪᠬᠢᠲᠡᠢ ᠠᠳᠬᠤᠵᠤ᠂ ︽ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠳᠤᠯ ᠦᠭᠡᠢ ᠬᠥᠭᠵᠢᠯᠲᠡ︾ ᠪᠠᠷ ᠤᠳᠤᠷᠢᠳᠤᠮᠵᠢ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠮᠠᠨ ᠤ ᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠪᠥᠬᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠬᠤ ᠪᠠ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠶᠡᠷᠦᠩᠬᠡᠢ ᠳᠤᠨᠢ ᠳᠡᠭᠡᠭᠰᠢᠯᠡᠭᠦᠯᠦᠨ᠎ᠡ᠃      ᠬᠤᠶᠠᠷ᠂ ᠦᠨᠳᠦᠰᠦᠨ ᠵᠠᠷᠴᠢᠮ      ︵ᠨᠢᠭᠡ︶ ᠶᠠᠰᠤ ᠴᠢᠨᠠᠷ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ      ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠲᠣ ᠦᠶ᠎ᠡ ᠶᠢᠨ ᠠᠵᠤ ᠠᠬᠤᠢ ᠶᠢᠨ ᠰᠢᠰᠲ᠋ᠧᠮᠵᠢ ᠪᠠ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤᠮᠳᠠᠬᠢ ᠴᠢᠬᠤᠯᠠ ᠦᠢᠯᠡᠳᠦᠯ ᠢ ᠭᠦᠨᠵᠡᠭᠡᠢ ᠲᠠᠨᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠨ᠂ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠥᠷᠲᠡᠭ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠤᠨ᠎ᠠ᠃ ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠰᠠᠯᠠᠭ᠎ᠠ ᠮᠥᠴᠢᠷ ᠬᠠᠮᠵᠢᠯᠴᠠᠬᠤ᠂ ᠠᠵᠤ ᠠᠬᠤᠶᠢᠯᠠᠯ ᠭᠤᠣᠯ ᠴᠣᠭᠴᠠ ᠪᠣᠯᠬᠤ᠂ ᠨᠡᠶᠢᠭᠡᠮᠯᠢᠭ ᠨᠥᠬᠦᠪᠦᠷᠢᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠭᠰᠠᠨ᠂ ᠬᠠᠮᠲᠤ ᠪᠠᠷ ᠪᠠᠶᠢᠭᠤᠯᠵᠤ ᠤᠯᠠᠨ ᠲᠠᠯ᠎ᠠ ᠪᠠᠷ ᠠᠰᠢᠭ ᠬᠦᠷᠲᠡᠭᠰᠡᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠨ᠎ᠠ᠃       ︵ᠬᠤᠶᠠᠷ︶ ᠬᠠᠮᠠᠭᠠᠯᠠᠯᠲᠠ ᠶᠢ ᠴᠢᠩᠭᠠᠳᠬᠠᠬᠤ ᠶᠢ ᠪᠠᠷᠢᠮᠲᠠᠯᠠᠨ᠎ᠠ      ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠥᠬᠦ ᠬᠡᠯᠬᠢᠶ᠎ᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠬᠠᠤᠯᠢ ᠴᠠᠭᠠᠵᠠ ᠶᠢᠨ ᠬᠠᠮᠠᠭᠠᠯᠠᠯᠲᠠ᠂ ᠬᠥᠨᠳᠡᠯᠡᠨ ᠠᠴᠠ ᠲᠠᠰᠤᠯᠬᠤ᠂ ᠡᠶᠡᠳᠡᠭᠦᠯᠬᠦ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ᠂ ᠠᠷᠠᠳ ᠢᠷᠭᠡᠳ ᠤᠨ ᠢᠲᠡᠭᠡᠮᠵᠢ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠴᠢᠩᠭ᠎ᠠ ᠬᠠᠮᠠᠭᠠᠯᠠᠬᠤ᠂ ᠶᠡᠬᠡᠪᠡᠷ ᠬᠠᠮᠠᠭᠠᠯᠠᠬᠤ᠂ ᠲᠦᠷᠭᠡᠨ ᠬᠠᠮᠠᠭᠠᠯᠠᠬᠤ᠂ ᠵᠡᠷᠭᠡᠪᠡᠷ ᠬᠠᠮᠠᠭᠠᠯᠠᠬᠤ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠨ᠎ᠠ᠃      ︵ᠭᠤᠷᠪᠠ︶ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ      ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠣᠯ ᠳᠠᠷᠤᠢ ᠰᠢᠨ᠎ᠡ ᠶᠢ ᠡᠭᠦᠳᠬᠦ ᠶᠢ ᠬᠠᠮᠠᠭᠠᠯᠠᠵᠤ ᠪᠠᠶᠢᠬᠤ ᠤᠴᠢᠷ ᠭᠡᠳᠡᠭ ᠣᠶᠢᠯᠠᠭᠠᠭᠳᠠᠬᠤᠨ ᠢ ᠪᠣᠢ ᠪᠣᠯᠭᠠᠵᠤ᠂ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠤᠨ ᠵᠠᠩᠭᠢᠯᠠᠭ᠎ᠠ ᠶᠢᠨ ᠬᠦᠷᠢᠶ᠎ᠡ ᠪᠣᠯᠣᠨ ᠲᠤᠯᠭᠠᠭᠤᠷᠢᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠬᠢ ᠪᠠᠶᠠᠯᠢᠭ ᠤᠨ ᠬᠦᠴᠦᠨ ᠵᠦᠢᠯ ᠤᠨ ᠰᠠᠭᠠᠳ ᠦᠭᠡᠢ ᠡᠷᠭᠢᠯᠳᠦᠬᠦ ᠪᠠ ᠥᠨᠳᠥᠷ ᠦᠷ᠎ᠡ ᠪᠦᠲᠦᠮᠵᠢᠲᠡᠶ ᠲᠣᠬᠢᠷᠠᠭᠤᠯᠬᠤ ᠶᠢ ᠠᠬᠢᠭᠤᠯᠤᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠬᠥᠭᠵᠢᠯᠲᠡ ᠶᠢᠨ ᠬᠥᠳᠡᠯᠭᠡᠭᠦ ᠬᠦᠴᠦᠨ ᠢ ᠦᠷᠭᠦᠯᠵᠢᠯᠡᠨ ᠬᠥᠭᠵᠢᠭᠡᠵᠦ᠂ ᠣᠷᠣᠨ ᠤ ᠲᠥᠪ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠤᠣᠯᠯᠠᠬᠤ ᠥᠷᠢᠰᠦᠯᠳᠦᠬᠦ ᠬᠦᠴᠦᠨ ᠢ ᠪᠣᠶᠢᠵᠢᠭᠤᠯᠤᠨ ᠳᠡᠭᠡᠭᠰᠢᠯᠡᠭᠦᠯᠵᠦ᠂ ᠣᠷᠣᠨ ᠤ ᠲᠥᠪ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ᠂ ᠠᠵᠤ ᠦᠢᠯᠡᠰ ᠤᠨ ᠲᠠᠰ ᠳᠠᠪᠰᠢᠯᠲᠠ᠂ ᠪᠦᠲᠦᠴᠡ ᠶᠢᠨ ᠰᠢᠯᠢᠳᠡᠭᠵᠢᠯᠲᠡ ᠳᠤ ᠪᠦᠲᠦᠮᠵᠢᠲᠡᠶ ᠲᠤᠯᠭᠠᠭᠤᠷᠢᠯᠠᠯ ᠬᠠᠩᠭᠠᠨ᠎ᠠ᠃      ᠭᠤᠷᠪᠠ᠂ ᠡᠭᠦᠷᠭᠡ ᠬᠠᠷᠠᠯᠲᠠ      ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠱᠠᠭᠠᠷᠳᠠᠯᠭ᠎ᠠ ᠶᠣᠰᠣᠭᠠᠷ᠂ 2025 ᠣᠨ ᠪᠣᠯᠬᠤ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ ᠨᠡᠩ ᠢᠯᠡᠷᠬᠡᠢ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠨᠡᠩ ᠭᠦᠢᠴᠡᠳ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠨᠡᠩ ᠪᠦᠷᠢᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠨᠡᠩ ᠰᠢᠯᠢᠳᠡᠭ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡ ᠨᠡᠩ ᠲᠡᠭᠦᠯᠳᠡᠷ ᠪᠣᠯᠣᠨ᠎ᠠ᠃ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠶ ᠲᠤᠯᠭᠠᠭᠤᠷᠢᠯᠠᠬᠤ︾ ᠪᠠᠷ ᠭᠤᠣᠯ ᠰᠡᠳᠦᠪ ᠪᠣᠯᠭᠠᠵᠤ᠂ ᠣᠷᠣᠨ ᠤ ᠲᠥᠪ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠯ ᠤᠨ ᠪᠠᠶᠢᠳᠠᠯ ᠪᠠ ᠬᠥᠭᠵᠢᠯᠲᠡ ᠶᠢᠨ ᠴᠢᠳᠠᠪᠤᠷᠢ ᠶᠢᠨ ᠲᠠᠰ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠦᠷᠢᠨ ᠪᠦᠲᠦᠨ᠂ ᠪᠦᠷᠢᠨ ᠲᠡᠭᠦᠯᠳᠡᠷ᠂ ᠠᠵᠢᠯᠯᠠᠭᠠᠨ ᠤᠷᠤᠭᠰᠢᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠪᠥᠬᠦ ᠬᠡᠯᠬᠢᠶ᠎ᠡ ᠶᠢ ᠠᠯᠬᠤᠮ ᠠᠯᠬᠤᠮ ᠢᠶᠠᠷ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠠᠬᠤᠢ ᠶᠢᠨ ᠬᠥᠭᠵᠢᠯᠲᠡ ᠶᠢ ᠲᠤᠯᠭᠠᠭᠤᠷᠢᠯᠠᠨ ᠳᠠᠭᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠣᠷᠣᠨ ᠤ ᠲᠥᠪ ᠤᠨ ᠭᠤᠣᠯ ᠴᠢᠳᠠᠮᠵᠢ ᠪᠠ ᠰᠢᠨ᠎ᠡ ᠶᠢ ᠡᠭᠦᠳᠬᠦ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠳᠤ ᠨᠠᠩ ᠰᠠᠶᠢᠲᠤᠷ ᠦᠢᠯᠡᠴᠢᠯᠡᠨ᠎ᠡ᠃      2035 ᠣᠨ ᠪᠣᠯᠬᠤ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠦᠷᠢᠮ ᠤᠨ ᠰᠢᠰᠲ᠋ᠧᠮᠵᠢ ᠶᠢ ᠨᠠᠩ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠨᠠᠩ ᠰᠢᠨᠵᠢᠯᠡᠬᠦ ᠤᠬᠠᠭᠠᠨᠴᠢ ᠪᠣᠯᠭᠠᠵᠤ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠪᠥᠬᠦ ᠲᠠᠯ᠎ᠠ ᠪᠠᠷ ᠪᠦᠷᠢᠯᠳᠦᠭᠦᠯᠵᠦ᠂ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠶᠡᠬᠡᠪᠡᠷ ᠳᠡᠭᠡᠭᠰᠢᠯᠡᠭᠦᠯᠦᠨ᠂ ᠣᠷᠣᠨ ᠨᠤᠲᠤᠭ ᠤᠨ ᠣᠨᠴᠠᠯᠢᠭ ᠲᠠᠢ ᠪᠣᠬᠢᠷᠳᠤᠯ ᠦᠭᠡᠢ ᠬᠥᠭᠵᠢᠯᠲᠡ ᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢ ᠦᠨᠳᠦᠰᠦᠨ ᠳᠡᠭᠡᠨ ᠪᠠᠶᠢᠭᠤᠯᠤᠨ᠎ᠠ᠃      ︵ᠨᠢᠭᠡ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥ ᠶᠢᠨ ᠪᠣᠳᠣᠯᠭ᠎ᠠ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠴᠢᠨᠠᠷ ᠰᠠᠶᠢᠲᠠᠢ ᠲᠤᠯᠭᠠᠭᠤᠷᠢᠯᠠᠨ᠎ᠠ      1. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠲᠤᠭᠲᠠᠴᠠ ᠵᠢ‌‍ᠲ᠋ᠡᠭᠦᠯᠳᠡᠷᠵᠢᠭᠦᠯᠦᠨ᠎ᠡ᠃ ᠬᠤᠲᠠ᠂ ᠰᠢᠶᠠᠨ ᠬᠤᠶᠠᠷ ᠱᠠᠲᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯ ᠤᠨ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠵᠡᠷᠭᠡ ᠶᠢᠨ ᠳᠦᠷᠢᠮ ᠤᠨ ᠠᠵᠢᠯᠯᠠᠭᠠᠨ ᠤ ᠵᠠᠩᠭᠢᠯᠠᠭ᠎ᠠ ᠶᠢᠨ ᠭᠤᠭᠴᠤᠭ᠎ᠠ ᠶᠢ ᠨᠠᠪᠲᠠᠷᠡᠭᠦᠯᠵᠦ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ ᠨᠡᠶᠢᠲᠡ ᠵᠡᠷᠭᠡ ᠣᠯᠠᠨ ᠡᠰᠢᠲᠦ ᠭᠤᠣᠯ ᠴᠣᠭᠴᠠ ᠳᠤ ᠦᠢᠯᠡᠴᠢᠯᠡᠨ᠎ᠡ︔ ᠰᠢᠶᠠᠨ ᠤ ᠬᠡᠪᠴᠢᠶᠡᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠢ ᠢᠳᠡᠪᠬᠢᠲᠡᠢ ᠬᠥᠮᠥᠵᠢᠭᠦᠯᠦᠨ᠎ᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠬᠢᠭᠡᠳ ᠠᠵᠤ ᠦᠢᠯᠡᠰ ᠤᠨ ᠬᠥᠭᠵᠢᠯᠲᠡ ᠶᠢ ᠬᠠᠷᠢᠯᠴᠠᠨ ᠤᠶᠠᠯᠳᠤᠭᠤᠯᠤᠭᠰᠠᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠭᠦᠢᠴᠡᠳᠬᠡᠯ ᠲᠤᠭ᠎ᠠ ᠶᠢ ᠰᠣᠳᠤᠯᠤᠨ ᠲᠣᠭᠲᠠᠭᠠᠨ᠎ᠠ᠃      2. ᠤᠯᠤᠰ ᠤᠨ ᠲᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠥᠪ ᠢ ᠪᠠᠶᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠥᠪ ᠪᠠ ᠡᠷᠬᠡ ᠶᠢ ᠲᠦᠷᠭᠡᠨ ᠬᠠᠮᠠᠭᠠᠯᠠᠬᠤ ᠲᠥᠪ ᠤᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠲᠦᠷᠭᠡᠳᠬᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠯᠡᠴᠢᠯᠡᠨ ᠮᠡᠳᠡᠭᠦᠯᠵᠦ ᠵᠠᠭᠠᠯᠳᠤᠬᠤ ᠪᠠ ᠡᠷᠬᠡ ᠶᠢ ᠬᠠᠮᠠᠭᠠᠯᠠᠵᠤ ᠲᠤᠰᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠡᠷᠬᠡ ᠶᠢ ᠬᠠᠮᠠᠭᠠᠯᠠᠵᠤ ᠲᠤᠰᠠᠯᠠᠬᠤ ᠦᠢᠯᠡᠴᠢᠯᠡᠭᠡᠨ ᠤ ᠬᠡᠪᠴᠢᠶ᠎ᠡ ᠪᠠ ᠦᠢᠯᠡᠴᠢᠯᠡᠭᠡᠨ ᠤ ᠠᠭᠤᠯᠭ᠎ᠠ ᠶᠢ ᠤᠯᠠᠮ ᠨᠢᠭᠡ ᠠᠯᠬᠤᠮ ᠥᠷᠭᠡᠳᠬᠡᠨ᠎ᠡ᠃ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠥᠪ ᠤᠨ ᠲᠥᠯᠥᠪᠵᠢᠭᠦᠯᠭᠡ ᠪᠠᠶᠢᠷᠢᠰᠢᠭᠤᠯᠤᠯᠲᠠ ᠲᠠᠢ ᠤᠶᠠᠯᠳᠤᠭᠤᠯᠤᠨ᠂ ︽ᠤᠯᠤᠰ ᠤᠨ ᠲᠠᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠥᠪ︾ ᠢ ᠪᠠᠶᠢᠭᠤᠯᠬᠤ ᠪᠠᠷ ᠢᠳᠡᠪᠬᠢᠲᠡᠢ ᠴᠢᠷᠮᠠᠶᠢᠵᠤ᠂ ᠲᠦᠷᠭᠡᠨ ᠬᠢᠨᠠᠨ ᠪᠠᠶᠢᠴᠠᠭᠠᠬᠤ᠂ ᠡᠷᠬᠡ ᠶᠢ ᠲᠦᠷᠭᠡᠨ ᠨᠤᠲᠠᠯᠠᠨ ᠲᠣᠭᠲᠠᠭᠠᠬᠤ᠂ ᠡᠷᠬᠡ ᠶᠢ ᠲᠦᠷᠭᠡᠨ ᠬᠠᠮᠠᠭᠠᠯᠠᠬᠤ ᠶᠢ ᠨᠢᠭᠡ ᠴᠤᠭᠴᠠᠵᠢᠭᠤᠯᠤᠭᠰᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠡᠷᠬᠡ ᠶᠢ ᠬᠠᠮᠠᠭᠠᠯᠠᠵᠤ ᠲᠤᠰᠠᠯᠠᠮᠵᠢ ᠦᠵᠡᠭᠦᠯᠬᠦ᠂ ᠬᠥᠨᠳᠡᠯᠡᠨ ᠠᠴᠠ ᠲᠠᠰᠤᠯᠬᠤ᠂ ᠡᠶᠡᠳᠡᠭᠦᠯᠬᠦ᠂ ᠬᠠᠤᠯᠢ ᠴᠠᠭᠠᠵᠠ ᠪᠠᠷ ᠬᠤᠯᠪᠤᠭᠠᠯᠠᠨ ᠬᠥᠳᠡᠯᠦᠯᠴᠡᠭᠰᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠦᠷᠭᠡᠨ ᠬᠠᠮᠵᠢᠯᠴᠠᠨ ᠬᠠᠮᠠᠭᠠᠯᠠᠬᠤ ᠠᠵᠢᠯ ᠢ ᠥᠷᠨᠢᠭᠦᠯᠵᠦ᠂ ᠣᠷᠣᠨ ᠪᠦᠰᠡ ᠶᠢᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠳᠤ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠣᠷᠴᠢᠨ ᠲᠣᠭᠤᠷᠢᠨ ᠢ ᠪᠣᠶ ᠪᠣᠯᠭᠠᠨ᠎ᠠ᠃ ᠡᠷᠬᠡ ᠶᠢ ᠲᠦᠷᠭᠡᠨ ᠨᠤᠲᠠᠯᠠᠨ ᠲᠣᠭᠲᠠᠭᠠᠬᠤ ᠪᠠ ᠬᠠᠮᠵᠢᠯᠴᠠᠨ ᠡᠷᠬᠡ ᠶᠢ ᠬᠠᠮᠠᠭᠠᠯᠠᠬᠤ ᠶᠢ ᠲᠦᠯᠬᠢᠨ ᠠᠬᠢᠭᠤᠯᠵᠤ᠂ ᠰᠢᠨ᠎ᠡ ᠶᠢ ᠡᠭᠦᠳᠬᠦ ᠭᠤᠣᠯ ᠴᠣᠭᠴᠠ ᠳᠤ ︽ᠨᠢᠭᠡ ᠥᠷᠲᠡᠭᠡ ᠮᠠᠶ᠋ᠢᠭ︾ ᠤᠨ ᠡᠷᠬᠡ ᠪᠠᠨ ᠬᠠᠮᠠᠭᠠᠯᠠᠬᠤ ᠲᠥᠰᠥᠯ ᠬᠠᠩᠭᠠᠨ᠎ᠠ᠃      3. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠨ ᠠᠬᠢᠭᠤᠯᠤᠨ᠎ᠠ᠃ ᠠᠵᠤ ᠠᠬᠤᠶᠢᠯᠠᠯ ᠤᠨ ᠥᠪᠡᠷ ᠢ ᠪᠠᠨ ᠱᠠᠭᠠᠷᠳᠠᠬᠤ ᠪᠠ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠢ ᠡᠵᠡᠩᠨᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠬᠤ ᠶᠢ ᠨᠢ ᠬᠥᠲᠥᠯᠥᠨ ᠵᠢᠯᠤᠭᠤᠳᠤᠨ᠎ᠠ᠃ ᠢᠲᠡᠭᠡᠯ ᠢᠶᠠᠨ  ᠬᠦᠨᠳᠦ ᠨᠣᠴᠢᠲᠠᠢ ᠠᠯᠳᠠᠭᠰᠠᠨ ᠬᠠᠷᠢᠭᠤᠴᠠᠯᠭ᠎ᠠ ᠶᠢᠨ ᠭᠤᠣᠯ ᠴᠣᠭᠴᠠ ᠶᠢ ᠭᠤᠣᠯᠳᠠᠯᠭ᠎ᠠ ᠲᠠᠢ ᠬᠢᠨᠠᠨ ᠬᠠᠮᠢᠶᠠᠷᠬᠤ ᠡᠲᠡᠭᠡᠳ ᠪᠣᠯᠭᠠᠵᠤ᠂ ᠡᠳᠦᠷ ᠲᠤᠲᠤᠮ ᠤᠨ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠰᠤᠭᠤᠴᠢᠨ ᠪᠠᠶᠢᠴᠠᠭᠠᠬᠤ ᠬᠠᠷᠢᠴᠠᠯ ᠪᠠ ᠳᠠᠪᠲᠠᠮᠵᠢ ᠶᠢ ᠳᠡᠭᠡᠭᠰᠢᠯᠡᠭᠦᠯᠦᠨ᠎ᠡ᠃ ᠪᠣᠭᠤᠮᠲᠠ ᠶᠢᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ︵ᠲᠤᠰᠬᠠᠢ ᠠᠰᠢᠭ︶ ᠶᠢᠨ ᠬᠦᠷᠢᠶ᠎ᠡ ᠴᠠᠷᠠᠭ᠎ᠠ ᠳᠠᠬᠢ ᠢᠲᠡᠭᠡᠯ ᠢᠶᠠᠨ ᠬᠦᠨᠳᠦ ᠨᠣᠴᠢᠲᠠᠢ ᠠᠯᠳᠠᠭᠰᠠᠨ ᠠᠵᠢᠯᠯᠠᠭ᠎ᠠ ᠶᠢᠨ ᠭᠤᠣᠯ ᠴᠣᠭᠴᠠ ᠶᠢᠨ ᠬᠡᠷᠡᠭᠵᠢᠭᠦᠯᠦᠭᠴᠢ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠴᠢᠩᠭ᠎ᠠ ᠨᠢᠮᠪᠠᠢ  ᠬᠢᠨᠠᠨ ᠬᠠᠮᠢᠶᠠᠷᠴᠤ᠂ ᠪᠠᠶᠢᠷᠢᠯᠠᠭᠤᠯᠤᠨ ᠡᠵᠡᠮᠳᠡᠵᠦ ᠪᠠᠶᠢᠴᠠᠭᠠᠨ ᠰᠢᠯᠭᠠᠬᠤ᠂ ᠪᠦᠷᠢᠳᠬᠡᠨ ᠬᠢᠨᠠᠯᠲᠠ ᠲᠠᠯᠪᠢᠵᠤ ᠬᠠᠷᠭᠤᠭᠤᠯᠤᠨ ᠪᠠᠶᠢᠴᠠᠭᠠᠬᠤ ᠪᠤᠶᠤ ᠦᠷᠭᠦᠯᠵᠢᠯᠡᠨ ᠪᠠᠶᠢᠴᠠᠭᠠᠬᠤ ᠪᠠᠨ ᠴᠢᠩᠭᠠᠳᠬᠠᠨ᠎ᠠ᠃      ︵ᠬᠤᠶᠠᠷ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠨᠡᠩ ᠥᠨᠳᠥᠷ ᠲᠦᠪᠰᠢᠨ ᠢᠶᠠᠷ ᠰᠢᠯᠢᠳᠡᠭᠵᠢᠭᠦᠯᠦᠨ᠎ᠡ       4. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠴᠢᠳᠠᠪᠤᠷᠢ᠂ ᠦᠷ᠎ᠡ ᠪᠦᠲᠦᠮᠵᠢ ᠪᠠ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠬᠦᠷᠢᠶ᠎ᠡ ᠴᠠᠷᠠᠭ᠎ᠠ ᠪᠠ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠶᠢᠨ ᠵᠡᠷᠭᠡᠪᠡᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠠᠯᠠᠯᠠᠨ ᠰᠢᠳᠬᠡᠬᠦ ᠴᠢᠨᠠᠷᠲᠠᠢ ᠲᠥᠯᠥᠪᠦᠷᠢ ᠶᠢᠨ ᠳᠦᠷᠢᠮ ᠢ ᠨᠠᠶᠢᠳᠠᠪᠤᠷᠢᠵᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡᠲᠦ ᠬᠥᠮᠥᠨ ᠵᠢᠴᠢ ᠤᠯᠠᠨ ᠨᠡᠶᠢᠲᠡ ᠶᠢᠨ ᠠᠰᠢᠭ ᠲᠤᠰᠠ ᠶᠢ ᠭᠦᠢᠴᠡᠳ ᠬᠠᠮᠠᠭᠠᠯᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠷᠤᠨ ᠰᠠᠨᠠᠭ᠎ᠠ ᠪᠠᠷ ᠵᠠᠷᠭᠤᠯᠳᠤᠬᠤ ᠶᠢ ᠬᠠᠤᠯᠢ ᠶᠣᠰᠣᠭᠠᠷ ᠵᠠᠯᠬᠠᠭᠠᠨ ᠰᠢᠳᠭᠡᠵᠦ᠂ ᠥᠷᠭᠡᠨ ᠤᠯᠠᠨ ᠠᠷᠠᠳ ᠲᠦᠮᠡᠨ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠎ᠠ᠃ ᠮᠡᠷᠭᠡᠵᠢᠯ ᠤᠨ ᠪᠠᠶᠢᠴᠠᠭᠠᠯᠲᠠ ᠶᠢᠨ ᠲᠤᠰᠢᠶᠠᠯᠲᠠᠨ ᠤ ᠳᠦᠷᠢᠮ ᠢ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠬᠠᠤᠯᠢ ᠴᠠᠭᠠᠵᠠ ᠶᠢᠨ  ᠲᠠᠰᠤᠯᠤᠯᠲᠠ ᠶᠢᠨ ᠪᠠᠷᠢᠮᠵᠢᠶ᠎ᠠ ᠶᠢ ᠤᠷᠭᠠᠨᠢᠭ ᠢᠶᠠᠷ ᠨᠢᠭᠡᠳᠦᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠬᠤᠬᠢᠷᠠᠯ ᠢ ᠲᠥᠯᠥᠬᠦ ᠲᠤᠭ᠎ᠠ ᠬᠡᠮᠵᠢᠶ᠎ᠡ ᠶᠢ ᠪᠤᠳᠤᠬᠤ ᠳᠦᠷᠢᠮ ᠢ ᠨᠠᠷᠢᠯᠢᠭᠵᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠪᠠᠶᠢᠴᠠᠭᠠᠨ ᠲᠣᠳᠣᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠠᠶᠢᠴᠠᠭᠠᠵᠤ ᠭᠡᠷᠡᠴᠢ ᠠᠪᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠠᠤᠯᠢᠴᠢ ᠶᠢᠨ ᠪᠠᠶᠢᠴᠠᠭᠠᠬᠤ ᠵᠠᠷᠯᠢᠭ ᠤᠨ ᠳᠦᠷᠢᠮ ᠢ ᠬᠠᠶᠢᠨ ᠰᠦᠪᠡᠭᠴᠢᠯᠡᠵᠦ᠂ ᠪᠠᠲᠤᠯᠠᠭ᠎ᠠ ᠶᠢᠨ ᠳᠦᠷᠢᠮ ᠤᠨ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠭᠦᠨ ᠲᠠᠰᠤᠯᠠᠬᠤ ᠪᠠ ᠪᠠᠶᠢᠴᠠᠭᠠᠬᠤ ᠬᠦᠷᠢᠶᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠭᠦᠬᠦ ᠲᠢᠩᠬᠢᠮ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠴᠠᠭᠠᠵᠤ ᠬᠡᠷᠡᠭ ᠰᠢᠢᠳᠪᠦᠷᠢᠯᠡᠬᠦ ᠪᠠᠶᠢᠭᠤᠯᠤᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠭᠤᠣᠯᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠬᠢᠭᠡᠳ ᠬᠠᠤᠯᠢ ᠴᠠᠭᠠᠵᠠ ᠶᠢᠨ ᠪᠠᠶᠢᠭᠤᠯᠭ᠎ᠠ ᠬᠡᠷᠡᠭ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠤᠨ᠎ᠠ᠃ ︽ᠨᠢᠭᠡ ᠥᠷᠲᠡᠭᠡ ᠮᠠᠶ᠋ᠢᠭ︾ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠲᠠᠪᠴᠠᠩ ᠢ ᠪᠠᠶᠢᠭᠤᠯᠤᠨ᠎ᠠ᠃ ︽ᠵᠠᠷᠭᠤ ᠪᠠ ᠡᠶᠡᠳᠡᠭᠦᠯᠭᠡ︾ ᠶᠢ ᠵᠣᠯᠭᠠᠭᠤᠯᠬᠤ ᠲᠣᠭᠲᠠᠴᠠ ᠶᠢ ᠭᠦᠨᠵᠡᠭᠡᠶᠢᠷᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠵᠠᠰᠠᠭ ᠵᠠᠬᠢᠷᠭᠠᠨ ᠢᠶᠠᠷ ᠡᠶᠡᠳᠡᠭᠦᠯᠬᠦ ᠬᠡᠯᠡᠯᠴᠡᠭᠡᠷ ᠢ ᠬᠠᠤᠯᠢ ᠴᠠᠭᠠᠵᠠ ᠪᠠᠷ ᠨᠤᠲᠠᠯᠠᠬᠤ ᠲᠣᠭᠲᠠᠴᠠ ᠶᠢ ᠬᠠᠶᠢᠨ ᠰᠦᠪᠡᠭᠴᠢᠯᠡᠵᠦ᠂ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠠᠷᠭᠤ ᠶᠢᠨ ᠬᠡᠷᠡᠭ ᠢ ᠰᠢᠭᠦᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠶᠢ ᠵᠢᠯᠣᠭᠤᠳᠤᠨ ᠠᠯᠪᠠᠨ ᠭᠡᠷᠡᠴᠢᠯᠡᠭᠡ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠠᠯᠪᠠᠨ ᠭᠡᠷᠡᠴᠢᠯᠡᠭᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠠᠯᠪᠠᠨ ᠭᠡᠷᠡᠴᠢᠯᠡᠭᠡ ᠶᠢᠨ ᠳᠠᠪᠠᠭᠤᠯᠢᠭ ᠪᠠ ᠡᠭᠦᠷᠭᠡ ᠲᠤᠰᠢᠶᠠᠯ ᠢ ᠪᠠᠳᠠᠷᠠᠭᠤᠯᠤᠨ᠎ᠠ᠃      5. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠰᠬᠠᠢ ᠮᠡᠷᠭᠡᠵᠢᠯ ᠤᠨ᠂ ᠠᠵᠢᠯ  ᠮᠡᠷᠭᠡᠵᠢᠯ ᠤᠨ ᠪᠠ ᠲᠣᠨᠤᠭ ᠲᠥᠬᠦᠭᠡᠷᠦᠮᠵᠢ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠦᠨ᠎ᠡ᠃ ᠬᠤᠲᠠ ᠲᠣᠭᠤᠷᠢᠭ ᠬᠤᠯᠪᠤᠭᠠᠯᠠᠨ ᠬᠦᠳᠡᠯᠦᠯᠴᠡᠬᠦ᠂ ᠣᠯᠠᠨ ᠰᠠᠯᠠᠭ᠎ᠠ ᠮᠥᠴᠢᠷ ᠬᠠᠤᠯᠢ ᠬᠡᠷᠡᠭᠵᠢᠭᠦᠯᠦᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠤᠷᠣᠨ ᠰᠠᠨᠠᠭ᠎ᠠ ᠢᠶᠠᠷ ᠬᠠᠯᠳᠠᠬᠤ᠂ ᠳᠠᠬᠢᠨ ᠳᠠᠪᠲᠠᠨ ᠬᠠᠯᠳᠠᠬᠤ ᠦᠶᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠣᠯᠭᠤᠬᠤ ᠬᠠᠤᠯᠢ ᠬᠡᠷᠡᠭᠵᠢᠭᠦᠯᠦᠯᠲᠡ ᠶᠢᠨ ᠡᠷᠴᠢᠮ ᠢ ᠴᠢᠩᠭᠠᠷᠠᠭᠤᠯᠤᠨ᠎ᠠ᠃ ᠲᠠᠸᠠᠷ ᠤᠨ ᠲᠡᠮᠳᠡᠭ ᠤᠨ ᠡᠷᠬᠡ᠂ ᠲᠤᠰᠬᠠᠢ ᠠᠰᠢᠭ ᠤᠨ ᠡᠷᠬᠡ᠂ ᠭᠠᠵᠠᠷ ᠵᠦᠢ ᠶᠢᠨ ᠢᠯᠡᠷᠬᠡᠶᠢᠯᠡᠯ᠂ ᠤᠷᠭᠤᠮᠠᠯ ᠤᠨ ᠰᠢᠨ᠎ᠡ ᠲᠥᠷᠥᠯ ᠵᠦᠢᠯ ᠤᠨ ᠡᠷᠬᠡ᠂ ᠵᠣᠬᠢᠶᠠᠯ ᠪᠦᠲᠦᠭᠡᠯ ᠤᠨ ᠡᠷᠬᠡ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠎ᠠ᠃ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠭᠤᠭᠴᠤᠭ᠎ᠠ ᠶᠢᠨ ᠲᠣᠭᠤᠷᠢᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠬᠡᠷᠡᠭᠵᠢᠭᠦᠯᠬᠦ ᠲᠤᠰᠬᠠᠢ ᠠᠵᠢᠯᠯᠠᠭ᠎ᠠ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠬᠤᠳᠠᠯ ᠬᠠᠭᠤᠷᠮᠠᠭ ᠢᠶᠠᠷ ᠦᠢᠯᠡᠳᠦᠭᠰᠡᠨ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠦᠨᠡᠨᠬᠦ ᠴᠢᠩᠭᠠᠷᠠᠭᠤᠯᠤᠨ᠎ᠠ᠃ ᠰᠢᠨ᠎ᠡ ᠡᠭᠦᠳᠦᠯᠲᠡ ᠶᠢ ᠬᠠᠮᠠᠭᠠᠯᠠᠬᠤ ᠪᠠᠷ ᠵᠣᠷᠢᠯᠭ᠎ᠠ ᠪᠠᠨ ᠪᠣᠯᠭᠠᠭᠰᠠᠨ ᠦᠭᠡᠢ ᠲᠤᠰᠬᠠᠢ ᠠᠰᠢᠭ ᠭᠤᠶᠤᠴᠢᠯᠠᠬᠤ ᠬᠡᠪ ᠤᠨ ᠪᠤᠰᠤ ᠦᠶᠯᠡ ᠠᠵᠢᠯᠯᠠᠭ᠎ᠠ᠂ ᠬᠡᠷᠡᠭᠯᠡᠬᠦ ᠪᠠᠷ ᠵᠣᠷᠢᠯᠭ᠎ᠠ ᠪᠠᠨ ᠪᠣᠯᠭᠠᠭᠰᠠᠨ ᠦᠭᠡᠢ ᠲᠠᠸᠠᠷ ᠤᠨ ᠲᠡᠮᠳᠡᠭ ᠢ ᠬᠤᠷᠣᠨ ᠰᠠᠨᠠᠭ᠎ᠠ ᠪᠠᠷ ᠵᠠᠪᠳᠤᠨ ᠳᠠᠩᠰᠠᠯᠠᠭᠤᠯᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠭᠠᠭᠴᠠᠭᠠᠷ ᠡᠵᠡᠮᠰᠢᠯ ᠪᠠ ᠳᠤᠷ᠎ᠠ ᠪᠠᠷ ᠢᠶᠠᠨ ᠬᠡᠷᠡᠭᠯᠡᠬᠦ ᠶᠢ ᠬᠠᠤᠯᠢ ᠶᠣᠰᠣᠭᠠᠷ ᠬᠤᠷᠢᠭᠯᠠᠨ᠎ᠠ᠃ ᠵᠥᠭᠡᠯᠡᠨ ᠲᠣᠨᠤᠭ ᠤᠨ ᠵᠢᠩᠬᠢᠨᠢ ᠬᠡᠪᠯᠡᠯ ᠬᠡᠷᠡᠭᠯᠡᠬᠦ ᠶᠢ ᠰᠢᠮᠳᠠᠭᠤᠯᠤᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠤᠷᠭᠤᠮᠠᠯ ᠤᠨ ᠰᠢᠨ᠎ᠡ ᠲᠥᠷᠥᠯ ᠵᠦᠢᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠲᠠᠰᠤᠷᠠᠯᠲᠠ ᠦᠭᠡᠢ ᠥᠷᠨᠢᠭᠦᠯᠦᠨ᠎ᠡ᠃ ᠪᠣᠭᠤᠮᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠷᠬᠡ ᠳᠤ ᠬᠠᠯᠳᠠᠭᠰᠠᠨ ᠬᠠᠤᠯᠢ ᠪᠤᠰᠤ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠴᠢᠩᠭᠠᠷᠠᠭᠤᠯᠤᠨ᠎ᠠ᠃      6. ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠳᠦᠷᠢᠮ ᠢ ᠪᠦᠷᠢᠨᠰᠢᠭᠦᠯᠦᠨ᠂ ᠠᠵᠢᠯ ᠤᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ ᠲᠤᠰᠢᠶᠠᠯᠲᠤ ᠬᠠᠤᠯᠢᠴᠢ ᠪᠠ ᠲᠤᠰᠬᠠᠢ ᠮᠡᠷᠭᠡᠵᠢᠯᠲᠡᠨ ᠤ ᠦᠢᠯᠡᠳᠦᠯ ᠢ ᠪᠠᠳᠠᠷᠠᠭᠤᠯᠵᠤ᠂ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢᠨ ᠬᠤᠯᠪᠣᠯᠳᠤᠨ ᠬᠥᠭᠵᠢᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠡᠶᠡᠳᠡᠭᠦᠯᠬᠦ ᠲᠣᠭᠲᠠᠴᠠ ᠪᠠ ᠠᠵᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ ᠡᠶᠡᠳᠡᠭᠦᠯᠭᠡ ᠶᠢᠨ ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠠᠷᠠᠳ ᠤᠨ ᠡᠶᠡᠳᠡᠭᠦᠯᠭᠡ ᠶᠢ ᠭᠦᠨᠵᠡᠭᠡᠶᠢᠷᠡᠭᠦᠯᠵᠦ᠂ ᠲᠡᠰ ᠬᠤᠪᠢᠶᠠᠨ ᠲᠦᠷᠦᠯ  ᠬᠤᠪᠢᠶᠠᠨ ᠣᠷᠭᠠᠨᠢᠭ ᠢᠶᠠᠷ ᠵᠣᠯᠭᠠᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠡᠶᠡᠳᠡᠭᠦᠯᠬᠦ ᠶᠢ ᠢᠵᠢ ᠪᠦᠷᠢᠳᠦᠭᠦᠯᠦᠨ ᠪᠠᠲᠤᠯᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠠᠵᠢᠯ ᠲᠦᠷᠦᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ᠂ ᠨᠡᠶᠢᠭᠡᠮ ᠤᠨ ᠦᠨᠡᠮᠰᠢᠯ ᠪᠠ ᠨᠥᠯᠥᠭᠡᠯᠡᠬᠦ ᠬᠦᠴᠦᠨ ᠢ ᠥᠷᠭᠡᠳᠬᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠨᠳᠡᠯᠡᠨ ᠠᠴᠠ ᠲᠠᠰᠤᠯᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠡᠶᠡᠳᠡᠭᠦᠯᠬᠦ ᠲᠠᠰᠤᠯᠬᠤ︾ ᠶᠢ ᠵᠣᠯᠭᠠᠭᠤᠯᠬᠤ ᠶᠢ ᠰᠦᠪᠡᠭᠴᠢᠯᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠠᠷᠭ᠎ᠠ ᠮᠠᠶ᠋ᠢᠭ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃      7. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠲᠤᠷᠰᠢᠯᠭ᠎ᠠ ᠰᠣᠯᠢᠯᠴᠠᠬᠤ᠂ ᠨᠡᠶᠢᠲᠡᠯᠢᠭ ᠬᠡᠷᠡᠭ ᠢ ᠤᠬᠠᠭᠤᠯᠬᠤ ᠡᠷᠴᠢᠮ ᠢ ᠴᠢᠩᠭᠠᠳᠬᠠᠵᠤ᠂ ᠨᠡᠶᠢᠭᠡᠮ ᠤᠨ ᠠᠩᠬᠠᠷᠤᠯ ᠳᠤ ᠬᠠᠷᠢᠭᠤ ᠦᠭᠴᠦ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠰᠦᠷ ᠦᠵᠡᠭᠦᠯᠦᠨ᠂ ᠰᠢᠨ᠎ᠡ ᠶᠢ ᠡᠭᠦᠳᠬᠦ ᠭᠤᠣᠯ ᠴᠣᠭᠴᠠ ᠨᠢ ᠬᠥᠳᠡᠯᠭᠡᠭᠦ ᠬᠦᠴᠦᠨ ᠲᠠᠢ᠂ ᠵᠠᠬ᠎ᠠ ᠳᠡᠯᠭᠡᠭᠦᠷ ᠤᠨ ᠭᠤᠣᠯ ᠴᠣᠭᠴᠠ ᠨᠢ ᠠᠮᠢᠵᠢᠷᠠᠯ ᠤᠨ ᠬᠦᠴᠦᠨ ᠲᠠᠢ᠂ ᠵᠠᠬ᠎ᠠ ᠳᠡᠯᠭᠡᠭᠦᠷ ᠤᠨ ᠠᠵᠢᠯᠯᠠᠭᠠᠨ ᠨᠢ ᠡᠮᠬᠢ ᠵᠢᠷᠤᠮ ᠲᠠᠢ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠪᠣᠶ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢ 83% ᠠᠴᠠ ᠳᠡᠭᠡᠭᠰᠢ ᠬᠦᠷᠭᠡᠨ᠎ᠡ᠃      ︵ᠭᠤᠷᠪᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠲᠣᠭᠲᠠᠴᠠ ᠶᠢ ᠰᠢᠯᠢᠳᠡᠭᠵᠢᠭᠦᠯᠵᠦ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠥᠷᠲᠡᠭ ᠢ ᠨᠠᠩ ᠥᠨᠳᠥᠷ ᠦᠷ᠎ᠡ ᠠᠰᠢᠭ ᠲᠠᠢ ᠪᠡᠶᠡᠯᠡᠭᠦᠯᠦᠨ᠎ᠡ᠃      8. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠎ᠡ᠃ ᠪᠥᠬᠦ ᠬᠤᠲᠠ ᠶᠢᠨ ᠡᠭᠦᠳᠦᠯᠲᠡ ᠶᠢᠨ ᠲᠤᠰᠬᠠᠢ ᠠᠰᠢᠭ᠂ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠤᠨ ᠲᠤᠰᠬᠠᠢ ᠠᠰᠢᠭ᠂ ᠲᠠᠸᠠᠷ ᠤᠨ ᠲᠡᠮᠳᠡᠭ ᠢ ᠴᠢᠨᠠᠷ ᠰᠠᠶᠢᠲᠠᠢ ᠡᠭᠦᠳᠦᠨ ᠪᠦᠲᠦᠭᠡᠬᠦ ᠠᠵᠢᠯ ᠢ ᠭᠤᠣᠯᠳᠠᠯᠭ᠎ᠠ ᠲᠠᠢ ᠳᠡᠮᠵᠢᠵᠦ᠂ 2025 ᠣᠨ ᠪᠣᠯᠬᠤ ᠳᠤ᠂ ᠲᠤᠰᠬᠠᠢ ᠠᠰᠢᠭ ᠤᠨ ᠡᠷᠬᠡ ᠣᠯᠭᠤᠭᠰᠠᠨ ᠶᠡᠷᠦᠩᠬᠡᠢ ᠬᠡᠮᠵᠢᠶ᠎ᠡ ᠶᠢ 25000 ᠬᠤᠪᠢ ᠳᠤ ᠬᠦᠷᠭᠡᠵᠦ᠂ ᠲᠦᠮᠡᠨ ᠬᠥᠮᠥᠨ ᠪᠦᠷᠢ ᠳᠤ ᠨᠣᠭᠳᠠᠬᠤ ᠥᠨᠳᠥᠷ ᠥᠷᠲᠡᠭᠲᠦ ᠡᠭᠦᠳᠦᠯᠲᠡ ᠶᠢᠨ ᠲᠤᠰᠬᠠᠢ ᠠᠰᠢᠭ ᠤᠨ ᠬᠡᠮᠵᠢᠶ᠎ᠡ ᠶᠢ 7.6 ᠬᠤᠪᠢ ᠠᠴᠠ  ᠳᠠᠪᠠᠭᠤᠯᠤᠨ᠎ᠠ︔ ᠲᠠᠸᠠᠷ ᠤᠨ ᠲᠡᠮᠳᠡᠭ ᠤᠨ ᠳᠠᠩᠰᠠᠯᠠᠭᠤᠯᠤᠭᠰᠠᠨ ᠬᠡᠮᠵᠢᠶ᠎ᠡ ᠶᠢ 70000 ᠬᠤᠪᠢ ᠠᠴᠠ  ᠳᠠᠪᠠᠭᠤᠯᠵᠤ᠂ ᠭᠠᠵᠠᠷ ᠵᠦᠢ ᠶᠢᠨ ᠢᠯᠡᠷᠬᠡᠶᠢᠯᠡᠯ ᠤᠨ ᠲᠤᠭ᠎ᠠ ᠬᠡᠮᠵᠢᠶ᠎ᠡ 37 ᠬᠤᠪᠢ ᠳᠤ ᠬᠦᠷᠭᠡᠨ᠎ᠡ︔ ᠵᠣᠬᠢᠶᠠᠯ ᠪᠦᠲᠦᠭᠡᠯ ᠤᠨ ᠵᠣᠬᠢᠶᠠᠭᠴᠢ ᠶᠢᠨ ᠡᠷᠬᠡ ᠶᠢᠨ ᠳᠠᠩᠰᠠᠯᠠᠯᠲᠠ ᠶᠢᠨ ᠲᠤᠭ᠎ᠠ ᠯᠠᠪᠳᠠᠭᠤᠨ ᠨᠡᠮᠡᠭᠳᠡᠨ᠎ᠡ᠃      9. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠥᠨᠳᠥᠷ ᠥᠷᠲᠡᠭ ᠲᠠᠢ ᠡᠭᠦᠳᠬᠦ ᠶᠢ ᠠᠬᠢᠭᠤᠯᠤᠨ᠎ᠠ᠃ ᠥᠨᠳᠥᠷ ᠥᠷᠲᠡᠭᠲᠦ ᠲᠤᠰᠬᠠᠢ ᠠᠰᠢᠭ ᠢ ᠪᠣᠶᠢᠵᠢᠭᠤᠯᠬᠤ ᠲᠥᠰᠥᠯ ᠢ ᠲᠣᠭᠲᠠᠭᠠᠨ᠂ ᠥᠨᠳᠥᠷ ᠥᠷᠲᠡᠭ ᠲᠠᠢ ᠭᠤᠣᠯᠯᠠᠬᠤ ᠲᠤᠰᠬᠠᠢ ᠠᠰᠢᠭ ᠤᠨ ᠡᠷᠬᠡ ᠶᠢ ᠶᠡᠬᠡᠪᠡᠷ ᠪᠣᠶᠢᠵᠢᠭᠤᠯᠵᠤ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠪᠣᠯᠣᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠠᠮᠢᠳᠤ ᠪᠣᠳᠠᠰ ᠤᠨ ᠡᠮ ᠡᠮᠨᠡᠯᠭᠡ᠂ ᠬᠢᠮᠡᠯ ᠣᠶᠤᠨ᠂ ᠡᠭᠦᠯᠡᠨ ᠪᠣᠳᠣᠯᠲᠠ᠂ ᠲᠣᠮᠣ ᠳ᠋ᠠᠶᠢᠲ᠋ᠠ᠂ ᠴᠠᠭᠠᠨ ᠢᠳᠡᠭᠡᠨ᠂ ᠮᠡᠳᠡᠭᠡ ᠵᠠᠩᠭᠢ ᠶᠢᠨ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠡᠪᠡᠰᠦᠨ ᠦᠷ᠎ᠡ ᠶᠢᠨ ᠦᠢᠯᠡᠰ᠂ ᠠᠮᠢ ᠠᠬᠤᠢ ᠶᠢᠨ ᠵᠠᠰᠠᠯᠲᠠ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠲᠥᠪ ᠢ 3 ᠠᠴᠠ ᠳᠡᠭᠡᠭᠰᠢ ᠶᠢ ᠪᠠᠶᠢᠭᠤᠯᠵᠤ᠂ ᠬᠡᠪᠴᠢᠶ᠎ᠡ ᠪᠠᠷ ᠨᠡᠯᠢᠶᠡᠳ ᠶᠡᠭᠡ᠂ ᠪᠠᠶᠢᠷᠢᠰᠢᠯ ᠢᠶᠠᠷ ᠵᠦᠢ ᠵᠣᠬᠢᠰᠲᠠᠢ᠂ ᠠᠵᠤ ᠦᠢᠯᠡᠰ ᠤᠨ ᠬᠥᠭᠵᠢᠯᠲᠡ ᠪᠠ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠳᠤ ᠲᠤᠯᠭᠠᠭᠤᠷᠢᠯᠠᠨ ᠪᠠᠲᠤᠯᠠᠬᠤ ᠦᠢᠯᠡᠳᠦᠯ ᠲᠠᠢ 3 ᠥᠨᠳᠥᠷ ᠥᠷᠲᠡᠭᠲᠦ ᠲᠤᠰᠬᠠᠢ ᠠᠰᠢᠭ ᠤᠨ ᠬᠤᠷᠰᠢᠯ ᠢ ᠪᠦᠷᠢᠯᠳᠦᠭᠦᠯᠦᠨ᠎ᠡ︔ ᠥᠨᠳᠥᠷ ᠥᠷᠲᠡᠭᠲᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠥᠪᠯᠡᠷᠡᠭᠰᠡᠨ ᠬᠡᠯᠪᠡᠷᠢ ᠶᠢᠨ 5 ᠠᠵᠤ ᠠᠬᠤᠶᠢᠯᠠᠯ ᠢ ᠪᠣᠶᠢᠵᠢᠭᠤᠯᠤᠨ᠎ᠠ︔ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠵᠢᠷᠤᠮᠵᠢᠯ︾ ᠤᠨ ᠤᠯᠤᠰ ᠤᠨ ᠪᠠᠷᠢᠮᠵᠢᠶ᠎ᠠ ᠶᠢ ᠦᠩᠭᠡᠷᠡᠭᠰᠡᠨ ᠠᠵᠤ ᠠᠬᠤᠶᠢᠯᠠᠯ ᠢ 140 ᠬᠦᠷᠭᠡᠨ᠎ᠡ︔ ᠲᠤᠰᠬᠠᠢ ᠮᠡᠷᠭᠡᠵᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠨᠡᠶᠢᠲᠡ 500 ᠭᠠᠷᠤᠢ ᠵᠢᠵᠢᠭ ᠪᠢᠴᠢᠯ ᠠᠵᠤ ᠠᠬᠤᠶᠢᠯᠠᠯ ᠳᠤ ᠪᠦᠷᠬᠦᠭᠦᠯᠦᠨ᠎ᠡ᠃      10. ᠤᠷᠭᠤᠮᠠᠯ ᠤᠨ ᠰᠢᠨ᠎ᠡ ᠡᠭᠦᠯᠳᠡᠷ ᠢ ᠲᠦᠷᠭᠡᠳᠬᠡᠨ ᠪᠣᠶᠢᠵᠢᠭᠤᠯᠤᠨ᠎ᠠ᠃ ᠤᠷᠭᠤᠮᠠᠯ ᠤᠨ ᠰᠢᠨ᠎ᠡ ᠡᠭᠦᠯᠳᠡᠷ ᠤᠨ ᠲᠠᠯ᠎ᠠ ᠪᠠᠷ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠬᠤᠪᠢᠶᠠᠷᠢᠯᠠᠯ ᠨᠢ ᠵᠦᠢ ᠵᠣᠬᠢᠰᠲᠠᠢ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠤᠭᠰᠠᠨ᠂ ᠡᠬᠢ ᠪᠠᠶᠠᠯᠢᠭ ᠲᠥᠪᠯᠡᠷᠡᠭᠰᠡᠨ᠂ ᠠᠵᠢᠯᠯᠠᠭᠠᠨ ᠨᠢ ᠥᠨᠳᠥᠷ ᠪᠦᠲᠦᠮᠵᠢᠲᠡᠶ ᠡᠭᠦᠯᠳᠡᠷ ᠪᠣᠶᠢᠵᠢᠭᠤᠯᠬᠤ ᠰᠢᠨ᠎ᠡ ᠲᠣᠭᠲᠠᠴᠠ ᠶᠢ ᠪᠤᠢ ᠪᠣᠯᠭᠠᠵᠤ᠂ ᠨᠢᠭᠡ ᠪᠦᠯᠦᠭ ᠥᠨᠳᠥᠷ ᠤᠨᠠᠯᠲᠠ ᠲᠠᠢ᠂ ᠴᠢᠨᠠᠷ ᠰᠠᠶᠢᠲᠠᠢ᠂ ᠤᠯᠠᠨ ᠵᠦᠢᠯ ᠢ ᠳᠠᠭᠠᠭᠠᠬᠤ ᠴᠢᠳᠠᠪᠤᠷᠢ ᠲᠠᠢ᠂ ᠮᠧᠬᠠᠨᠢᠭᠵᠢᠭᠰᠠᠨ ᠠᠵᠢᠯ ᠂ ᠪᠡᠯᠡᠳᠬᠡᠮᠵᠢ ᠳᠤ ᠲᠠᠷᠢᠵᠤ ᠪᠣᠶᠢᠵᠢᠭᠤᠯᠬᠤ ᠳᠤ ᠵᠣᠬᠢᠴᠠᠬᠤ ᠤᠷᠭᠤᠮᠠᠯ ᠤᠨ ᠰᠢᠨ᠎ᠡ ᠡᠭᠦᠯᠳᠡᠷ ᠢ ᠪᠣᠶᠢᠵᠢᠭᠤᠯᠤᠨ᠎ᠠ︔ ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ ᠡᠷᠴᠢᠮᠵᠢᠭᠰᠡᠨ᠂ ᠮᠧᠬᠠᠨᠢᠭᠵᠢᠭᠰᠠᠨ ᠳᠠᠪᠠᠭᠤᠯᠢᠭ ᠲᠠᠷᠢᠮᠠᠯ ᠤᠨ ᠰᠢᠨ᠎ᠡ ᠡᠭᠦᠯᠳᠡᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 2 ᠪᠠᠶᠢᠭᠤᠯᠵᠤ᠂ ᠭᠤᠣᠯ ᠲᠠᠷᠢᠮᠠᠯ ᠤᠨ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ 98% ᠠᠴᠠ ᠳᠡᠭᠡᠭᠰᠢ ᠪᠠᠶᠢᠬᠤ ᠶᠢ ᠪᠠᠲᠤᠯᠠᠵᠤ᠂ ᠡᠭᠦᠯᠳᠡᠷ ᠪᠣᠶᠢᠵᠢᠭᠤᠯᠬᠤ ᠴᠢᠳᠠᠪᠤᠷᠢ ᠪᠠᠷ ᠴᠢᠩᠭ᠎ᠠ᠂ ᠦᠢᠯᠡᠳᠪᠦᠷᠢᠯᠡᠵᠦ ᠡᠳ᠋ᠰᠢᠭᠦᠯᠬᠦ ᠮᠡᠷᠭᠡᠵᠢᠯ ᠢᠶᠠᠷ ᠲᠡᠷᠢᠭᠦᠨ ᠤ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠲᠣᠣᠷ ᠰᠦᠯᠵᠢᠶ᠎ᠡ ᠪᠦᠷᠢᠨ ᠲᠡᠭᠦᠯᠳᠡᠷ᠂ ᠮᠡᠷᠭᠡᠵᠢᠯ ᠤᠨ ᠦᠢᠯᠡᠴᠢᠯᠡᠭᠡ ᠪᠠᠷ ᠰᠠᠶᠢᠨ ︽ᠪᠣᠶᠢᠵᠢᠭᠤᠯᠵᠤ ᠦᠷᠡᠵᠢᠭᠦᠯᠵᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ︾ ᠣᠲᠣ ᠦᠶ᠎ᠡ ᠶᠢᠨ ᠦᠷ᠎ᠡ ᠶᠢᠨ ᠦᠢᠯᠡᠰ ᠢ 2 ᠪᠣᠶᠢᠵᠢᠭᠤᠯᠵᠤ᠂ ᠬᠥᠬᠡᠬᠤᠲᠠ ᠶᠢᠨ ᠥᠪᠡᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠡᠭᠦᠯᠳᠡᠷ ᠤᠨ ᠵᠠᠬ᠎ᠠ ᠳᠡᠯᠭᠡᠭᠦᠷ ᠳ᠋ᠤ᠋‌ᠡᠵᠡᠯᠡᠬᠦ ᠨᠣᠷᠮ᠎ᠠ ᠶᠢ 35% ᠠᠴᠠ ᠳᠡᠭᠡᠭᠰᠢ ᠬᠦᠷᠭᠡᠨ᠎ᠡ︔ ᠬᠤᠲᠠ᠂ ᠰᠢᠶᠠᠨ ᠬᠤᠶᠠᠷ ᠱᠠᠲᠤᠨ ᠤ ᠡᠭᠦᠷᠭᠡ ᠬᠠᠷᠢᠭᠤᠴᠠᠯᠭ᠎ᠠ ᠨᠢ ᠲᠣᠳᠣᠷᠬᠠᠢ᠂ ᠠᠷᠭ᠎ᠠ ᠬᠡᠮᠵᠢᠶ᠎ᠡ ᠨᠢ ᠲᠡᠷᠢᠭᠦᠨ ᠤ ᠪᠥᠭᠡᠳ ᠬᠢᠨᠠᠯᠲᠠ ᠬᠠᠮᠢᠶᠠᠷᠤᠯᠲᠠ ᠨᠢ ᠬᠦᠴᠦᠲᠡᠢ ᠦᠷ᠎ᠡ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃      11. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠨ ᠪᠦᠰᠡ ᠶᠢᠨ ᠵᠣᠬᠢᠰᠲᠠᠢ ᠪᠠᠶᠢᠷᠢᠯᠠᠭᠤᠯᠤᠯᠲᠠ ᠶᠢ ᠴᠢᠩᠭᠠᠳᠬᠠᠨ᠎ᠠ᠃ ᠣᠨᠴᠠᠯᠢᠭᠲᠤ ᠲᠠᠷᠢᠶᠠᠯᠠᠩ ᠤᠨ ᠬᠤᠰᠢᠭᠤ ᠰᠢᠶᠠᠨ ᠢ ᠭᠤᠣᠯᠳᠠᠯᠭ᠎ᠠ ᠲᠠᠢ ᠰᠣᠩᠭᠤᠵᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠨ ᠪᠦᠰᠡ ᠶᠢ ᠪᠠᠶᠢᠷᠢᠰᠢᠭᠤᠯᠤᠨ᠎ᠠ᠃ ᠰᠢᠶᠠᠨ ᠤ ᠬᠡᠪᠴᠢᠶᠡᠨ ᠤ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ᠂ ᠭᠠᠵᠠᠷ ᠵᠦᠢ ᠶᠢᠨ ᠢᠯᠡᠷᠬᠡᠶᠢᠯᠡᠯᠲᠦ ᠪᠦᠲᠦᠭᠡᠭᠳᠡᠬᠦᠨ ᠤ ᠣᠷᠣᠨ ᠪᠦᠰᠡ ᠶᠢ ᠭᠤᠣᠯᠳᠠᠯᠭ᠎ᠠ ᠲᠠᠢ ᠪᠠᠶᠢᠷᠢᠰᠢᠭᠤᠯᠵᠤ᠂ ᠡᠯ᠎ᠡ ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠬᠢ ᠪᠠᠶᠠᠯᠢᠭ ᠤᠨ ᠲᠠᠷᠬᠠᠯᠲᠠ ᠶᠢᠨ ᠪᠠᠶᠢᠳᠠᠯ ᠢ ᠲᠣᠳᠣᠷᠬᠠᠢ ᠣᠶᠢᠯᠠᠭᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠬᠢ ᠪᠠᠶᠠᠯᠢᠭ ᠤᠨ ᠡᠭᠦᠳᠦᠯᠲᠡ ᠪᠠ ᠠᠵᠤ ᠦᠢᠯᠡᠰ ᠤᠨ ᠡᠬᠢ ᠪᠠᠶᠠᠯᠢᠭ ᠤᠨ ᠵᠣᠬᠢᠴᠠᠯ ᠢ ᠵᠠᠳᠠᠯᠵᠤ᠂ ᠡᠭᠦᠨ ᠯᠦᠭᠡ ᠬᠠᠷᠠᠭᠠᠯᠵᠠᠭᠰᠠᠨ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠵᠢᠯᠤᠭᠤᠳᠬᠤ ᠭᠠᠷᠴᠠᠭ ᠢ ᠵᠣᠬᠢᠶᠠᠵᠤ᠂ ᠰᠢᠶᠠᠨ ᠤ ᠬᠡᠪᠴᠢᠶᠡᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠨᠠᠩ ᠰᠢᠨᠵᠢᠯᠡᠬᠦ ᠤᠬᠠᠭᠠᠨᠴᠢ᠂ ᠠᠵᠤ ᠦᠢᠯᠡᠰ ᠤᠨ ᠪᠦᠲᠦᠴᠡ ᠶᠢ ᠨᠠᠩ ᠵᠦᠢ ᠵᠣᠬᠢᠰᠲᠠᠢ ᠪᠣᠯᠭᠠᠨ᠂ ᠡᠭᠦᠳᠦᠯᠲᠡ ᠶᠢᠨ ᠡᠬᠢ ᠪᠠᠶᠠᠯᠢᠭ ᠢ ᠠᠵᠤ ᠦᠢᠯᠡᠰ ᠤᠨ ᠬᠥᠭᠵᠢᠯᠲᠡ ᠶᠢᠨ ᠵᠠᠩᠭᠢᠯᠠᠭ᠎ᠠ ᠶᠢᠨ ᠮᠡᠷᠭᠡᠵᠢᠯ ᠤᠨ ᠬᠦᠷᠢᠶ᠎ᠡ ᠳᠠᠰᠢ ᠲᠥᠪᠯᠡᠷᠡᠭᠦᠯᠵᠦ᠂ ᠰᠢᠶᠠᠨ ᠤ ᠬᠡᠪᠴᠢᠶᠡᠨ ᠤ ᠠᠵᠤ ᠦᠢᠯᠡᠰ ᠢ ᠨᠡᠯᠢᠶᠡᠳ ᠴᠢᠩᠭ᠎ᠠ ᠥᠷᠢᠰᠦᠯᠳᠦᠭᠡᠨ ᠤ ᠳᠠᠪᠠᠭᠤᠯᠢᠭ ᠲᠠᠢ ᠪᠣᠯᠭᠠᠨ᠂ ᠤᠯᠠᠮᠵᠢᠯᠠᠯᠲᠤ ᠲᠠᠷᠢᠶᠠᠯᠠᠩ ᠢ ᠣᠲᠣ ᠦᠶ᠎ᠡ ᠶᠢᠨ ᠲᠠᠷᠢᠶᠠᠯᠠᠩ ᠳᠠᠰᠢ ᠬᠤᠪᠢᠷᠠᠭᠠᠵᠤ᠂ ᠣᠷᠣᠨ ᠪᠦᠰᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃      12. ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠣᠶᠢᠵᠢᠭᠤᠯᠬᠤ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠵᠠᠰᠠᠭ ᠤᠨ ᠣᠷᠳᠣᠨ ᠠᠴᠠ ᠲᠦᠷᠦᠭᠦᠯᠡᠵᠦ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ ᠴᠢᠩᠭᠠᠳᠬᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠣᠶᠢᠵᠢᠭᠤᠯᠬᠤ ᠡᠷᠴᠢᠮ ᠢ ᠴᠢᠩᠭᠠᠷᠠᠭᠤᠯᠵᠤ᠂ ᠬᠠᠮᠲᠤ ᠶᠢᠨ ᠲᠠᠸᠠᠷ ᠤᠨ ᠲᠡᠮᠳᠡᠭ᠂ ᠭᠠᠵᠠᠷ ᠵᠦᠢ ᠶᠢᠨ ᠢᠯᠡᠷᠬᠡᠶᠢᠯᠡᠯ ᠤᠨ ᠭᠡᠷᠡᠴᠢᠯᠡᠯ ᠲᠠᠢ ᠲᠠᠸᠠᠷ ᠤᠨ ᠲᠡᠮᠳᠡᠭ ᠢ ᠳᠠᠩᠰᠠᠯᠠᠭᠤᠯᠤᠨ᠂ ᠭᠠᠵᠠᠷ ᠵᠦᠢ ᠶᠢᠨ  ᠢᠯᠡᠷᠬᠡᠶᠢᠯᠡᠯ ᠲᠠᠢ ᠲᠠᠷᠢᠶᠠᠯᠠᠩ ᠤᠨ ᠪᠦᠲᠦᠭᠡᠭᠳᠡᠬᠦᠨ ᠢ ᠳᠡᠩᠰᠡᠯᠡᠨ ᠬᠠᠮᠠᠭᠠᠯᠠᠬᠤ ᠪᠠᠷ ᠭᠤᠶᠤᠴᠢᠯᠠᠵᠤ᠂ ᠭᠠᠵᠠᠷ ᠵᠦᠢ ᠶᠢᠨ  ᠢᠯᠡᠷᠬᠡᠶᠢᠯᠡᠯ ᠤᠨ ᠲᠤᠰᠬᠠᠢ ᠲᠡᠮᠳᠡᠭ ᠢ ᠬᠡᠷᠡᠭᠯᠡᠬᠦ ᠶᠢ ᠵᠢᠯᠤᠭᠤᠳᠤᠨ᠂ ᠪᠣᠬᠢᠷᠳᠤᠯ ᠦᠭᠡᠢ ᠣᠷᠭᠠᠨᠢᠭ ᠴᠢᠨᠠᠷ ᠰᠠᠶᠢᠲᠠᠢ  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠬᠢᠯᠭᠡᠬᠦ ᠶᠢ ᠵᠣᠷᠢᠭᠵᠢᠭᠤᠯᠬᠤ ᠶᠢᠨ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠥᠬᠦ ᠶᠠᠪᠤᠴᠠ ᠶᠢ ᠡᠵᠡᠮᠳᠡᠬᠦ ᠪᠠᠷ ᠳᠠᠮᠵᠢᠭᠤᠯᠤᠨ ᠭᠠᠵᠠᠷ ᠵᠦᠢ ᠶᠢᠨ ᠢᠯᠡᠷᠬᠡᠶᠢᠯᠡᠯ ᠲᠠᠢ ᠪᠣᠬᠢᠷᠳᠤᠯ ᠦᠭᠡᠢ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠲᠡᠮᠳᠡᠭᠲᠦ ᠶᠢᠨ ᠭᠡᠷᠡᠴᠢᠯᠡᠯ ᠢ ᠡᠬᠢ ᠡᠭᠦᠰᠦᠯ ᠠᠴᠠ ᠨᠢ ᠰᠠᠶᠢᠲᠤᠷ ᠠᠳᠬᠤᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠣᠶᠢᠵᠢᠭᠤᠯᠬᠤ ᠳᠤ ᠲᠠᠰᠤᠷᠠᠯᠲᠠ ᠦᠭᠡᠢ ᠴᠢᠨᠠᠷ ᠰᠠᠶᠢᠲᠠᠢ ᠪᠦᠲᠦᠭᠡᠭᠳᠡᠬᠦᠨ ᠤ ᠲᠤᠯᠭᠠᠭᠤᠷᠢᠯᠠᠯ ᠬᠠᠩᠭᠠᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠣᠳᠣᠯᠭᠠᠨ ᠤ ᠬᠦᠷᠢᠶᠡᠯᠡᠩ ᠭᠠᠵᠠᠷ ᠣᠷᠣᠯᠴᠠᠭᠰᠠᠨ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠂ ᠲᠥᠷᠥᠯ ᠲᠡᠮᠳᠡᠭᠲᠦ ᠶᠢᠨ ᠡᠷᠬᠡ ᠰᠦᠷᠲᠦ ᠴᠢᠨᠠᠷ ᠪᠠ ᠲᠥᠪ ᠭᠤᠥᠯᠴᠢ ᠴᠢᠨᠠᠷ ᠢ ᠬᠠᠮᠠᠭᠠᠯᠠᠨ᠎ᠠ᠃ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠪᠠᠨ ᠨᠡᠯᠢᠶᠡᠳ ᠨᠡᠷ᠎ᠡ ᠠᠯᠳᠠᠷ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ 10 ᠠᠴᠠ ᠳᠡᠭᠡᠭᠰᠢ ᠶᠢ᠂ ᠤᠯᠤᠰ ᠤᠨ ᠳᠣᠲᠣᠭᠠᠳᠤ ᠭᠠᠳᠠᠭᠠᠳᠤ ᠳᠤ ᠨᠡᠯᠢᠶᠡᠳ ᠨᠡᠷ᠎ᠡ ᠠᠯᠳᠠᠷ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ 2 ᠠᠴᠠ ᠳᠡᠭᠡᠭᠰᠢ ᠶᠢ ᠪᠣᠶᠢᠵᠢᠭᠤᠯᠤᠨ ᠪᠣᠶ ᠪᠣᠯᠭᠠᠵᠤ᠂ ᠭᠠᠵᠠᠷ ᠵᠦᠢ ᠶᠢᠨ ᠢᠯᠡᠷᠬᠡᠶᠢᠯᠡᠯ ᠲᠠᠢ ᠲᠠᠷᠢᠶᠠᠯᠠᠩ ᠤᠨ ᠪᠦᠲᠦᠭᠡᠭᠳᠡᠬᠦᠨ ᠢ 5 ᠳᠠᠩᠰᠠᠯᠠᠭᠤᠯᠤᠭᠰᠠᠨ ᠰᠠᠭᠤᠷᠢᠨ ᠳᠡᠭᠡᠷ᠎ᠡ ᠵᠢᠯ ᠪᠦᠷᠢ 1 ᠨᠡᠮᠡᠭᠳᠡᠭᠦᠯᠵᠦ᠂ ᠪᠣᠬᠢᠷᠳᠤᠯ ᠦᠭᠡᠢ ᠢᠳᠡᠭᠡᠨ ᠤ ᠠᠵᠤ ᠠᠬᠤᠶᠢᠯᠠᠯ ᠬᠢᠭᠡᠳ ᠪᠦᠲᠦᠭᠡᠭᠳᠡᠬᠦᠨ ᠤ ᠲᠤᠭ᠎ᠠ ᠬᠡᠮᠵᠢᠶ᠎ᠡ ᠶᠢ ᠵᠢᠯ ᠪᠦᠷᠢ ᠳᠤᠮᠳᠠᠴᠢ ᠪᠠᠷ 3% ᠨᠡᠮᠡᠭᠳᠡᠭᠦᠯᠦᠨ᠎ᠡ᠃      13. ᠲᠠᠷᠢᠶᠠᠯᠠᠩ ᠤᠨ ᠪᠥᠬᠦ ᠠᠵᠤ ᠦᠢᠯᠡᠰ ᠤᠨ ᠬᠡᠯᠬᠢᠶᠡᠨ ᠤ ᠪᠠᠷᠢᠮᠵᠢᠶᠠᠵᠢᠭᠰᠠᠨ ᠦᠢᠯᠡᠳᠪᠦᠷᠢᠯᠡᠯ ᠢ ᠠᠬᠢᠭᠤᠯᠤᠨ᠎ᠠ᠃ ᠦᠢᠯᠡᠳᠪᠦᠷᠢᠯᠡᠯ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠬᠢᠭᠡᠳ ᠪᠦᠲᠦᠭᠡᠭᠳᠡᠬᠦᠨ ᠤ ᠶᠠᠰᠤ ᠴᠢᠨᠠᠷ ᠢ ᠪᠥᠬᠦ ᠶᠠᠪᠤᠴᠠ ᠳᠤ ᠡᠵᠡᠮᠳᠡᠬᠦ ᠮᠡᠷᠭᠡᠵᠢᠯ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠢᠶᠠᠷ ᠡᠯᠪᠡᠭ ᠪᠠᠶᠠᠯᠢᠭ᠂ ᠳᠠᠪᠠᠭᠤᠯᠢᠭ ᠣᠨᠴᠠᠯᠢᠭ ᠲᠠᠢ᠂ ᠣᠷᠣᠨ ᠪᠦᠰᠡ ᠶᠢᠨ ᠠᠵᠤ ᠦᠢᠯᠡᠰ ᠤᠨ ᠬᠡᠯᠬᠢᠶ᠎ᠡ ᠪᠠᠷ ᠪᠦᠷᠢᠨ ᠪᠦᠲᠦᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠣᠲᠣ ᠦᠶ᠎ᠡ ᠶᠢᠨ ᠲᠠᠷᠢᠶᠠᠯᠠᠩ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠪᠡᠶᠡᠯᠡᠭᠦᠯᠬᠦ ᠶᠢ ᠠᠬᠢᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠬᠤᠰᠢᠭᠤ ᠰᠢᠶᠠᠨ ᠲᠣᠭᠤᠷᠢᠭ ᠤᠨ ᠲᠥᠯᠥᠭᠡᠯᠡᠬᠦ ᠴᠢᠨᠠᠷᠲᠠᠢ᠂ ᠨᠡᠶᠢᠲᠡᠯᠢᠭ ᠴᠢᠨᠠᠷᠲᠠᠢ ᠪᠠ ᠳᠡᠯᠭᠡᠷᠡᠭᠦᠯᠵᠦ ᠪᠣᠯᠬᠤᠶᠢᠴᠠ ᠪᠠᠷᠢᠮᠵᠢᠶᠠᠵᠢᠭᠰᠠᠨ᠂ ᠡᠷᠴᠢᠮᠵᠢᠭᠰᠡᠨ ᠬᠡᠮᠵᠢᠶ᠎ᠡ ᠪᠠᠷ ᠥᠨᠳᠥᠷ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠴᠢᠭᠯᠡᠭᠦᠯᠦᠨ ᠳᠠᠷᠢᠵᠤ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ᠂ ᠳᠠᠷᠢᠵᠤ ᠲᠡᠵᠢᠭᠡᠨ ᠦᠷᠡᠵᠢᠭᠦᠯᠬᠦ ᠬᠠᠮᠢᠶᠠᠷᠤᠯᠲᠠ᠂ ᠪᠦᠲᠦᠭᠡᠭᠳᠡᠬᠦᠨ ᠢ ᠵᠡᠷᠭᠡ ᠲᠠᠰ ᠬᠤᠪᠢᠶᠠᠬᠤ᠂ ᠡᠳ᠋ᠰᠢᠭᠦᠯᠦᠨ ᠪᠣᠭᠤᠳᠠᠯᠯᠠᠬᠤ᠂ ᠶᠠᠰᠤ ᠴᠢᠨᠠᠷ ᠤᠨ ᠠᠶᠤᠯᠭᠦᠢ ᠶᠢᠨ ᠬᠡᠮᠵᠢᠶ᠎ᠡ ᠬᠢᠵᠠᠭᠠᠷᠯᠠᠯ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠷᠭ᠎ᠠ᠂ ᠬᠠᠳᠠᠭᠠᠯᠠᠵᠤ ᠲᠡᠭᠡᠭᠡᠪᠦᠷᠢᠯᠡᠬᠦ ᠵᠡᠷᠭᠡ ᠪᠥᠬᠦ ᠠᠵᠤ ᠦᠢᠯᠡᠰ ᠤᠨ ᠬᠡᠯᠬᠢᠶᠡᠨ ᠤ ᠪᠠᠷᠢᠮᠵᠢᠶ᠎ᠠ ᠶᠢᠨ ᠰᠢᠰᠲ᠋ᠧᠮᠵᠢ ᠶᠢ ᠲᠣᠭᠲᠠᠭᠠᠬᠤ ᠶᠢ ᠳᠡᠮᠵᠢᠨ ᠵᠣᠷᠢᠭᠵᠢᠭᠤᠯᠤᠨ᠎ᠠ᠃ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠢ ᠳᠡᠭᠡᠭᠰᠢᠯᠡᠭᠦᠯᠬᠦ ᠠᠵᠢᠯᠯᠠᠭ᠎ᠠ ᠲᠠᠢ ᠤᠶᠠᠯᠳᠤᠭᠤᠯᠤᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠠ ᠠᠶᠤᠯᠭᠦᠢ ᠶᠢ ᠲᠠᠰᠤᠷᠠᠯᠲᠠ ᠦᠭᠡᠢ ᠳᠡᠭᠡᠭᠰᠢᠯᠡᠬᠦ ᠶᠢ ᠪᠠᠲᠤᠯᠠᠨ᠎ᠠ᠃      14. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠲᠠᠪᠴᠠᠩ ᠢ ᠲᠡᠭᠦᠯᠳᠡᠷᠵᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠲᠠᠪᠴᠠᠩ ᠢ ᠵᠠᠰᠠᠭ ᠤᠨ ᠣᠷᠳᠣᠨ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠵᠤ᠂ ᠰᠢᠨ᠎ᠡ ᠶᠢ ᠡᠭᠦᠳᠬᠦ ᠭᠤᠣᠯ ᠴᠣᠭᠴᠠ ᠬᠠᠮᠲᠤᠪᠠᠷ ᠣᠷᠣᠯᠴᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠠᠴᠢᠶᠠᠯᠠᠪᠤᠷᠢ ᠪᠣᠯᠭᠠᠨ ᠪᠠᠶᠢᠭᠤᠯᠵᠤ᠂ ᠨᠡᠶᠢᠲᠡ ᠶᠢᠨ ᠠᠰᠠᠷᠠᠮᠵᠢ ᠶᠢᠨ ᠮᠠᠶ᠋ᠢᠭ ᠤᠨ ᠦᠢᠯᠡᠴᠢᠯᠡᠭᠡ ᠬᠢᠭᠡᠳ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ ᠤᠶᠠᠯᠳᠤᠭᠤᠯᠬᠤ ᠠᠷᠭ᠎ᠠ ᠮᠠᠶ᠋ᠢᠭ ᠶᠣᠰᠣᠭᠠᠷ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠨᠥᠬᠦᠪᠦᠷᠢᠯᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠲᠤᠰᠬᠠᠢ ᠠᠰᠢᠭ ᠤᠨ ᠮᠡᠷᠭᠡᠵᠢᠯ ᠤᠨ ᠠᠷᠠᠯᠵᠢᠶᠠᠨ ᠤ ᠲᠤᠭ᠎ᠠ᠂ ᠲᠤᠰᠬᠠᠢ ᠠᠰᠢᠭ ᠤᠨ ᠮᠡᠷᠭᠡᠵᠢᠯ ᠤᠨ ᠠᠵᠤ ᠦᠢᠯᠡᠰᠵᠢᠭᠰᠡᠨ ᠦᠢᠯᠡᠳᠬᠦᠨ ᠤ ᠥᠷᠲᠡᠭ ᠢ ᠲᠦᠷᠭᠡᠨ ᠨᠡᠮᠡᠭᠳᠡᠭᠦᠯᠦᠨ᠎ᠡ︔ ᠪᠦᠬᠦ ᠲᠠᠯ᠎ᠠ ᠶᠢ ᠬᠠᠮᠤᠷᠤᠭᠰᠠᠨ᠂ ᠦᠢᠯᠡᠴᠢᠯᠡᠭᠡ ᠨᠢ ᠵᠢᠷᠤᠮᠵᠢᠯ ᠲᠠᠢ᠂ ᠣᠶᠤᠨᠴᠢ ᠥᠨᠳᠥᠷ ᠪᠦᠲᠦᠮᠵᠢᠲᠡᠢ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ︔ ᠤᠯᠠᠨ ᠨᠡᠶᠢᠲᠡ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠲᠣᠣᠷᠴᠢᠯᠠᠬᠤ ᠪᠠᠶᠢᠭᠤᠯᠤᠯᠲᠠ ᠶᠢ ᠴᠢᠩᠭᠠᠳᠬᠠᠨ᠎ᠠ︔ ᠲᠤᠭ᠎ᠠ ᠪᠠᠷᠢᠮᠲᠠ ᠨᠢ ᠪᠠᠷᠢᠮᠵᠢᠶ᠎ᠠ ᠳᠤ ᠨᠡᠶᠢᠴᠡᠭᠰᠡᠨ᠂ ᠡᠬᠢ ᠪᠠᠶᠠᠯᠢᠭ ᠢ ᠨᠡᠶᠢᠳᠬᠡᠭᠰᠡᠨ᠂ ᠠᠰᠢᠭᠯᠠᠬᠤ ᠦᠷ᠎ᠡ ᠪᠦᠲᠦᠮᠵᠢ ᠥᠨᠳᠥᠷ ᠮᠡᠳᠡᠭᠡ ᠵᠠᠩᠭᠢ ᠶᠢᠨ ᠦᠢᠯᠡᠴᠢᠯᠡᠭᠡᠨ ᠤ ᠵᠠᠭᠪᠤᠷ ᠢ ᠪᠠᠶᠢᠭᠤᠯᠤᠨ᠎ᠠ᠃      15. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠠᠵᠢᠯ ᠤᠨ ᠡᠷᠴᠢᠮ ᠢ ᠴᠢᠩᠭᠠᠷᠠᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠦᠢᠯᠡᠴᠢᠯᠡᠭᠡᠨ ᠤ ᠲᠣᠭᠲᠠᠴᠠ ᠶᠢ ᠰᠢᠯᠢᠳᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠦᠢᠯᠡᠴᠢᠯᠡᠭᠡ ᠶᠢ ᠲᠦᠭᠡᠮᠡᠯᠵᠢᠭᠦᠯᠵᠦ ᠬᠡᠪᠴᠢᠶᠡᠵᠢᠭᠦᠯᠦᠨ᠎ᠡ︔ ᠬᠥᠬᠡᠬᠤᠲᠠ ᠶᠢᠨ ᠲᠠᠸᠠᠷ ᠤᠨ ᠲᠡᠮᠳᠡᠭ ᠤᠨ ᠴᠣᠩᠬᠤᠨ ᠳᠤ ᠳᠠᠨᠵᠢᠯᠠᠨ ᠲᠡᠮᠳᠡᠭᠯᠡᠬᠦ ᠳᠤ ᠲᠦᠰᠢᠭᠯᠡᠨ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠠᠸᠠᠷ ᠤᠨ ᠲᠡᠮᠳᠡᠭ ᠤᠨ ᠡᠷᠬᠡ ᠪᠠᠨ ᠳᠠᠨᠵᠢᠯᠠᠨ ᠲᠡᠮᠳᠡᠭᠯᠡᠬᠦ ᠪᠥᠬᠦ ᠲᠠᠯ᠎ᠠ ᠶᠢᠨ ᠦᠢᠯᠡᠴᠢᠯᠡᠭᠡ ᠬᠠᠩᠭᠠᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠡᠯᠡ ᠲᠣᠬᠢᠷᠠᠭᠤᠯᠭ᠎ᠠ ᠶᠢᠨ ᠲᠦᠭᠰᠢᠭᠦᠷᠢ ᠶᠢ ᠨᠥᠬᠦᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠩᠬᠢ᠂ ᠳᠠᠭᠠᠭᠠᠯᠲᠠ ᠪᠠ ᠳᠠᠭᠠᠳᠬᠠᠯ ᠤᠨ ᠺᠣᠮᠫᠠᠨᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠦᠭᠰᠢᠭᠦᠷᠢ ᠶᠢ ᠰᠢᠢᠳᠪᠦᠷᠢᠯᠡᠬᠦ ᠣᠯᠠᠨ ᠡᠰᠢᠵᠢᠭᠰᠡᠨ ᠲᠣᠭᠲᠠᠴᠠ ᠶᠢ ᠪᠠᠶᠢᠭᠤᠯᠵᠤ᠂ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠳᠤ ᠰᠢᠨ᠎ᠡ ᠶᠢ ᠡᠭᠦᠳᠴᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠦᠭᠡᠮᠡᠯ ᠬᠠᠷᠠᠭᠠᠯᠵᠠᠯ ᠤᠨ ᠮᠥᠩᠭᠦᠨ ᠭᠦᠢᠯᠭᠡᠭᠡᠨ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠶᠢ ᠲᠦᠯᠬᠢᠨ ᠠᠬᠢᠭᠤᠯᠤᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠢ ᠭᠦᠨᠵᠡᠭᠡᠶᠢᠷᠡᠭᠦᠯᠦᠨ ᠥᠷᠭᠡᠳᠬᠡᠵᠦ᠂ ᠵᠠᠰᠠᠭ ᠪᠠᠩᠬᠢ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠳᠤ ᠰᠢᠨ᠎ᠡ ᠶᠢ ᠡᠭᠦᠳᠬᠦ ᠶᠢ ᠳᠡᠮᠵᠢᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠯᠢᠮᠠᠭ ᠳᠠᠨᠵᠢᠯᠠᠭ᠎ᠠ ᠪᠠ ᠳᠠᠭᠠᠳᠬᠠᠯ ᠢ ᠵᠣᠷᠢᠭᠵᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠡᠮᠳᠡᠭᠲᠦ ᠪᠣᠯᠭᠠᠬᠤ ᠲᠤᠷᠰᠢᠯᠲᠠ ᠶᠢ ᠰᠦᠪᠡᠭᠴᠢᠯᠡᠨ ᠬᠢᠵᠦ᠂ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠤᠭᠰᠠᠨ ᠵᠣᠭᠤᠰ ᠤᠨ ᠲᠤᠭ᠎ᠠ ᠶᠢᠨ ᠵᠢᠯ ᠤᠨ ᠳᠤᠮᠳᠠᠴᠢ ᠨᠡᠮᠡᠭᠳᠡᠯ ᠢ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢᠨ ᠨᠡᠮᠡᠭᠳᠡᠯ ᠲᠠᠢ ᠬᠠᠷᠢᠯᠴᠠᠨ ᠵᠣᠬᠢᠴᠠᠩᠭᠤᠢ ᠪᠣᠯᠭᠠᠨ᠎ᠠ᠃      16᠂ ᠵᠠᠰᠠᠭ ᠠᠵᠤ ᠠᠬᠤᠶᠢᠯᠠᠯ ᠰᠤᠷᠭᠠᠭᠤᠯᠢ ᠰᠣᠳᠤᠯᠭᠠᠨ ᠤ ᠪᠠᠶᠢᠭᠤᠯᠤᠮᠵᠢ ᠶᠢᠨ ᠬᠠᠮᠲᠤᠷᠠᠨ ᠤᠯᠠᠷᠢᠭᠤᠯᠬᠤ ᠶᠢ ᠢᠳᠡᠪᠬᠢᠲᠡᠢ ᠠᠬᠢᠭᠤᠯᠤᠨ᠎ᠠ᠃ ᠣᠷᠣᠨ ᠨᠤᠲᠤᠭ ᠪᠠ ᠶᠡᠭᠡ ᠳᠡᠭᠡᠳᠦ ᠰᠤᠷᠭᠠᠭᠤᠯᠢ ᠶᠢᠨ ᠲᠤᠰ ᠲᠤᠰ ᠤᠨ ᠳᠠᠪᠠᠭᠤᠯᠢᠭ ᠢᠶᠠᠨ ᠨᠡᠶᠢᠳᠬᠡᠵᠦ ᠬᠠᠮᠲᠤᠷᠠᠨ ᠠᠵᠢᠯᠯᠠᠵᠤ ᠰᠣᠯᠢᠯᠴᠠᠬᠤ ᠲᠠᠪᠴᠠᠩ ᠪᠠᠶᠢᠭᠤᠯᠬᠤ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠲᠣᠭᠤᠷᠢᠨ ᠳᠤ᠂ ᠬᠤᠷᠢᠨᠭᠡᠷ ᠰᠢᠨ᠎ᠡ ᠲᠣᠭᠤᠷᠢᠭ ᠵᠡᠷᠭᠡ ᠲᠠᠪᠴᠠᠩ ᠤᠨ ᠳᠠᠪᠠᠭᠤᠯᠢᠭ᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ ᠪᠣᠯᠣᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠣᠶᠤᠨ ᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠩᠭᠠᠯᠭ᠎ᠠ᠂ ᠬᠡᠷᠡᠭᠴᠡᠭᠡ᠂ ᠵᠠᠭᠤᠴᠢ᠂ ᠬᠥᠷᠥᠩᠭᠡ ᠵᠡᠷᠭᠡ ᠶᠢ ᠨᠢᠭᠡ ᠴᠣᠭᠴᠠᠵᠢᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠤᠯᠠᠷᠢᠭᠤᠯᠤᠯᠲᠠ ᠶᠢᠨ ᠲᠠᠪᠴᠠᠩ ᠢ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠮᠡᠷᠭᠡᠵᠢᠯ ᠤᠨ ᠰᠢᠯᠵᠢᠭᠦᠯᠦᠯᠲᠡ᠂ ᠲᠥᠷᠥᠯ ᠵᠦᠢᠯ ᠤᠨ ᠪᠡᠯᠡ ᠲᠣᠬᠢᠷᠠᠭᠤᠯᠭ᠎ᠠ᠂ ᠠᠵᠤ ᠦᠢᠯᠡᠰ ᠤᠨ ᠨᠡᠪᠴᠢᠭᠦᠯᠦᠯᠲᠡ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ  ᠤᠯᠠᠷᠢᠭᠤᠯᠤᠯᠲᠠ ᠶᠢᠨ ᠪᠥᠬᠦ ᠥᠷᠲᠡᠭ ᠤᠨ ᠬᠡᠯᠬᠢᠶᠡᠨ ᠤ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠢ ᠲᠠᠰᠤᠷᠠᠯᠲᠠ ᠦᠭᠡᠢ ᠪᠣᠶᠢᠵᠢᠭᠤᠯᠤᠨ᠎ᠠ᠃  ᠬᠤᠷᠢᠨᠭᠡᠷ ᠰᠢᠨ᠎ᠡ ᠲᠣᠭᠤᠷᠢᠭ ᠵᠡᠷᠭᠡ ᠭᠠᠵᠠᠷ ᠣᠷᠣᠨ ᠳᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠵᠢᠱᠢᠶ᠎ᠡ ᠦᠵᠡᠭᠦᠯᠬᠦ ᠲᠣᠭᠤᠷᠢᠭ᠂ ᠶᠡᠭᠡ ᠳᠡᠭᠡᠳᠦ ᠰᠤᠷᠭᠠᠭᠤᠯᠢ ᠶᠢᠨ ᠬᠠᠮᠵᠢᠯᠴᠠᠨ ᠰᠢᠨ᠎ᠡ ᠶᠢ ᠡᠭᠦᠳᠬᠦ ᠰᠠᠭᠤᠷᠢᠨ ᠭᠠᠵᠠᠷ ᠪᠠ ᠶᠡᠭᠡ ᠳᠡᠭᠡᠳᠦ ᠰᠤᠷᠭᠠᠭᠤᠯᠢ ᠶᠢᠨ ᠦᠢᠯᠡᠰ ᠴᠣᠭᠴᠠᠯᠠᠬᠤ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠩᠭᠠᠯᠭ᠎ᠠ ᠶᠢᠨ ᠠᠷᠭ᠎ᠠ ᠵᠠᠮ ᠢ ᠥᠷᠭᠡᠳᠬᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠩᠭᠠᠯᠭ᠎ᠠ ᠬᠡᠷᠡᠭᠴᠡᠭᠡ ᠶᠢ ᠣᠨᠣᠪᠴᠢᠲᠠᠢ ᠵᠣᠯᠭᠠᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠦᠷ᠎ᠡ ᠪᠦᠲᠦᠭᠡᠯ ᠢ ᠤᠯᠠᠷᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠨᠠᠩ ᠣᠯᠠᠨ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠤᠨ ᠥᠨᠳᠥᠷ ᠥᠷᠲᠡᠭᠲᠦ ᠲᠤᠰᠬᠠᠢ ᠠᠰᠢᠭ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠤᠯᠠᠷᠢᠭᠤᠯᠬᠤ ᠶᠢ ᠠᠬᠢᠭᠤᠯᠤᠨ᠎ᠠ᠃      17. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠷ᠎ᠡ ᠪᠦᠲᠦᠭᠡᠯ ᠢ ᠤᠯᠠᠷᠢᠭᠤᠯᠤᠨ ᠡᠵᠡᠩᠨᠡᠬᠦ ᠶᠢ ᠲᠦᠯᠬᠢᠨ ᠠᠬᠢᠭᠤᠯᠤᠨ᠎ᠠ᠃ ᠭᠤᠶᠤᠴᠢᠯᠠᠬᠤ + ᠡᠵᠡᠩᠨᠡᠬᠦ ᠵᠠᠭᠪᠤᠷ ᠢ ᠬᠡᠷᠡᠭᠯᠡᠨ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠠᠵᠤ ᠠᠬᠤᠶᠢᠯᠠᠯ ᠬᠠᠮᠲᠤᠷᠠᠨ ᠵᠠᠬᠢᠶᠠᠯᠠᠭ᠎ᠠ ᠪᠠᠷ ᠰᠤᠳᠤᠯᠤᠨ ᠨᠡᠭᠡᠭᠡᠬᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠥᠨᠳᠥᠷ ᠥᠷᠲᠡᠭᠲᠦ ᠭᠤᠣᠯᠯᠠᠬᠤ ᠲᠤᠰᠬᠠᠢ ᠠᠰᠢᠭ ᠢ ᠬᠤᠷᠢᠶᠠᠨ ᠨᠥᠭᠡᠴᠡᠯᠡᠬᠦ ᠶᠢ ᠳᠡᠮᠵᠢᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠯᠪᠣᠭ᠎ᠠ ᠶᠢ ᠪᠠᠶᠢᠭᠤᠯᠤᠨ᠂ ᠠᠵᠤ ᠦᠢᠯᠡᠰ ᠤᠨ ᠲᠤᠰᠬᠠᠢ ᠠᠰᠢᠭ ᠤᠨ ᠴᠥᠭᠦᠷᠥᠮ ᠢ ᠪᠣᠶ ᠪᠣᠯᠭᠠᠵᠤ᠂ ᠬᠥᠬᠡᠬᠤᠲᠠ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠪᠠ ᠲᠠᠰ ᠳᠡᠪᠰᠢᠭᠦᠯᠬᠦ ᠶᠢ ᠲᠤᠯᠭᠠᠭᠤᠷᠢᠯᠠᠨ᠎ᠠ︔ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠠᠰᠢᠭ ᠤᠨ ᠡᠵᠡᠩᠨᠡᠯᠲᠡ ᠶᠢᠨ ᠠᠯᠪᠠᠨ ᠭᠡᠷ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠪᠣᠶᠢᠵᠢᠭᠤᠯᠬᠤ ᠶᠢ ᠴᠢᠩᠭᠠᠳᠬᠠᠵᠤ᠂ 3 ᠠᠴᠠ ᠳᠡᠭᠡᠭᠰᠢ  ᠲᠤᠰᠬᠠᠢ ᠮᠡᠷᠭᠡᠵᠢᠯ ᠤᠨ᠂ ᠶᠡᠷᠦᠩᠬᠡᠶᠢᠯᠡᠭᠰᠡᠨ ᠴᠢᠨᠠᠷᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠪᠠᠶᠢᠭᠤᠯᠤᠮᠵᠢ ᠶᠢ ᠪᠣᠶᠢᠵᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠷ᠎ᠡ ᠪᠦᠲᠦᠭᠡᠯ ᠢ ᠤᠯᠠᠷᠢᠭᠤᠯᠤᠨ ᠡᠵᠡᠩᠨᠡᠬᠦ ᠶᠢ ᠪᠦᠲᠦᠮᠵᠢᠲᠡᠢ ᠠᠬᠢᠭᠤᠯᠤᠨ᠎ᠠ᠃      18. ᠪᠠᠷᠢᠮᠵᠢᠶᠠᠵᠢᠭᠤᠯᠬᠤ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠷᠢᠯᠴᠠᠨ ᠬᠥᠭᠵᠢᠭᠦᠯᠬᠦ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠᠷ ᠪᠠᠷᠢᠮᠵᠢᠶ᠎ᠠ ᠪᠣᠯᠭᠠᠭᠰᠠᠨ ᠦᠨᠡᠯᠡᠯᠲᠡ ᠶᠢᠨ ᠲᠣᠭᠲᠠᠴᠠ ᠪᠠ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠪᠠᠷᠢᠮᠵᠢᠶ᠎ᠠ ᠶᠢᠨ ᠴᠢᠬᠤᠯᠠ ᠪᠦᠬᠦᠢ ᠲᠤᠰᠬᠠᠢ ᠠᠰᠢᠭ ᠤᠨ ᠳᠦᠷᠢᠮ ᠢ ᠨᠠᠶᠢᠳᠠᠪᠤᠷᠢᠵᠢᠭᠤᠯᠵᠤ᠂ ᠪᠠᠷᠢᠮᠵᠢᠶ᠎ᠠ ᠲᠣᠭᠲᠠᠭᠠᠬᠤ ᠶᠠᠪᠤᠴᠠ ᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠠᠵᠤ ᠦᠶᠢᠯᠡᠰᠵᠢᠭᠦᠯᠦᠨ ᠬᠡᠷᠡᠭᠯᠡᠬᠦ ᠶᠢ ᠠᠬᠢᠭᠤᠯᠤᠨ᠎ᠠ᠃ ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠵᠡᠷᠭᠡ ᠭᠤᠣᠯᠳᠠᠯᠭ᠎ᠠ ᠲᠠᠢ ᠠᠵᠤ ᠦᠢᠯᠡᠰ ᠪᠣᠯᠣᠨ ᠳᠠᠪᠠᠭᠤᠯᠢᠭ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠠᠩᠬᠠᠨ ᠤ ᠡᠭᠦᠳᠦᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ᠂ ᠨᠢᠭᠡ ᠪᠦᠯᠦᠭ ᠵᠠᠩᠭᠢᠯᠠᠭ᠎ᠠ ᠶᠢᠨ ᠰᠢᠪᠲᠤᠯᠤᠯᠲᠠ ᠶᠢᠨ ᠮᠡᠷᠭᠡᠵᠢᠯ ᠪᠣᠯᠣᠨ ᠨᠢᠭᠡ ᠪᠦᠯᠦᠭ ᠭᠤᠣᠯᠯᠠᠬᠤ ᠡᠷᠬᠡ ᠲᠠᠢ ᠤᠯᠠᠨ ᠤᠯᠤᠰ ᠤᠨ ᠪᠠᠷᠢᠮᠵᠢᠶ᠎ᠠ ᠶᠢ ᠣᠯᠣᠨ᠎ᠠ᠃      ︵ᠳᠥᠷᠪᠡ︶ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠶᠢ ᠡᠭᠦᠳᠬᠦ ᠭᠤᠣᠯ ᠴᠣᠭᠴᠠ ᠶᠢᠨ ᠬᠡᠷᠡᠭᠴᠡᠭᠡ ᠶᠢ ᠨᠡᠩ ᠥᠨᠳᠥᠷ ᠪᠠᠷᠢᠮᠵᠢᠶ᠎ᠠ ᠪᠠᠷ ᠬᠠᠩᠭᠠᠨ᠎ᠠ      19. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠤᠨ᠎ᠠ᠃ ᠳᠡᠭᠡᠳᠦ ᠳᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠪᠥᠭᠡᠮᠨᠡᠷᠡᠭᠦᠯᠵᠦ᠂ ᠦᠢᠯᠡᠴᠢᠯᠡᠭᠡᠨ ᠤ ᠡᠬᠢ ᠪᠠᠶᠠᠯᠢᠭ ᠢ ᠨᠡᠶᠢᠳᠬᠡᠵᠦ᠂ ᠪᠥᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠲᠤᠰᠬᠠᠢ ᠠᠰᠢᠭ᠂ ᠲᠠᠸᠠᠷ ᠤᠨ ᠲᠡᠮᠳᠡᠭ᠂ ᠬᠡᠪᠯᠡᠯ ᠤᠨ ᠡᠷᠬᠡ᠂ ᠤᠷᠭᠤᠮᠠᠯ ᠤᠨ ᠰᠢᠨ᠎ᠡ ᠡᠭᠦᠯᠳᠡᠷ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠥᠬᠦ ᠲᠥᠷᠥᠯ ᠵᠦᠢᠯ ᠢ ᠪᠦᠷᠢᠯᠳᠦᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠥᠬᠦ ᠲᠠᠯ᠎ᠠ ᠶᠢᠨ ᠦᠢᠯᠡᠴᠢᠯᠡᠭᠡᠨ ᠤ ᠬᠡᠯᠬᠢᠶ᠎ᠡ ᠶᠢ ᠡᠭᠦᠳᠦᠨ ᠪᠠᠶᠢᠭᠤᠯᠵᠤ᠂ ᠬᠠᠮᠠᠭᠠᠯᠠᠵᠤ᠂ ᠬᠡᠷᠡᠭᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠠᠷᠠᠭᠤᠨ ᠣᠷᠣᠨ ᠳᠤ ᠦᠢᠯᠡᠴᠢᠯᠡᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ ᠭᠠᠵᠠᠷ ᠣᠷᠣᠨ ᠢ ᠨᠥᠯᠥᠭᠡᠯᠡᠭᠰᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠪᠥᠭᠡᠮᠨᠡᠷᠡᠭᠰᠡᠨ ᠣᠷᠣᠨ ᠢ ᠪᠠᠶᠢᠭᠤᠯᠤᠨ᠎ᠠ᠃ ᠲᠤᠰᠬᠠᠢ ᠠᠰᠢᠭ ᠢ ᠤᠯᠠᠷᠢᠭᠤᠯᠬᠤ᠂ ᠲᠠᠸᠠᠷ ᠤᠨ ᠲᠡᠮᠳᠡᠭ ᠲᠥᠷᠥᠯ ᠲᠡᠮᠳᠡᠭᠲᠦ᠂ ᠬᠡᠪᠯᠡᠯ ᠤᠨ ᠡᠷᠬᠡ ᠶᠢ ᠳᠠᠩᠰᠠᠯᠠᠬᠤ ᠦᠷ᠎ᠡ ᠪᠦᠲᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠶᠢ ᠦᠨᠡᠨᠬᠦ ᠳᠡᠭᠡᠭᠰᠢᠯᠡᠭᠦᠯᠦᠨ ᠴᠢᠩᠭᠠᠳᠬᠠᠵᠤ᠂ ᠬᠡᠪᠯᠡᠯ ᠤᠨ ᠡᠷᠬᠡ ᠶᠢᠨ ᠬᠠᠮᠠᠭᠠᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠣᠰ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠬᠡᠯᠪᠡᠷᠢ ᠪᠠᠶᠢᠳᠠᠯ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠣᠷᠣᠯᠠᠨ ᠭᠦᠢᠴᠡᠳᠬᠡᠬᠦ᠂ ᠡᠷᠬᠡ ᠪᠠᠨ ᠬᠠᠮᠠᠭᠠᠯᠠᠬᠤ ᠳᠤ ᠲᠤᠰᠠᠯᠠᠬᠤ᠂ ᠮᠡᠳᠡᠭᠡ ᠵᠠᠩᠭᠢ ᠶᠢ ᠠᠰᠢᠭᠯᠠᠬᠤ᠂ ᠪᠠᠶᠢᠯᠳᠤᠬᠤ ᠪᠣᠳᠣᠯᠭ᠎ᠠ ᠶᠢᠨ ᠵᠠᠳᠠᠯᠤᠯᠲᠠ ᠬᠢᠬᠦ᠂ ᠳᠠᠬᠢᠨ ᠰᠢᠭᠦᠬᠦ ᠵᠠᠷᠭᠤ᠂ ᠳᠡᠯᠭᠡᠨ ᠦᠵᠡᠭᠦᠯᠵᠦ ᠠᠷᠠᠯᠵᠢᠶᠠᠯᠠᠬᠤ᠂ ᠥᠮᠴᠢᠯᠡᠬᠦ ᠡᠷᠬᠡ ᠶᠢᠨ ᠮᠥᠩᠭᠦᠨ ᠭᠦᠢᠯᠭᠡᠭᠡ᠂ ᠤᠬᠠᠭᠤᠯᠭ᠎ᠠ ᠪᠣᠯᠪᠠᠰᠤᠷᠠᠭᠤᠯᠤᠯ ᠵᠡᠷᠭᠡ ᠭᠤᠭᠴᠤᠭ᠎ᠠ ᠶᠢ ᠬᠠᠮᠤᠷᠤᠭᠰᠠᠨ ᠦᠢᠯᠡᠴᠢᠯᠡᠭᠡᠨ ᠤ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠨ᠎ᠠ᠃      20. ᠲᠠᠸᠠᠷ ᠤᠨ ᠲᠡᠮᠳᠡᠭ ᠤᠨ ᠳᠠᠩᠰᠠᠯᠠᠯᠲᠠ ᠶᠢ ᠳᠥᠭᠦᠮᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠥᠬᠡᠬᠤᠲᠠ ᠶᠢᠨ ᠲᠠᠸᠠᠷ ᠤᠨ ᠲᠡᠮᠳᠡᠭ ᠢ ᠭᠥᠯᠢᠶᠡᠨ ᠠᠪᠴᠤ ᠰᠢᠢᠳᠪᠦᠷᠢᠯᠡᠬᠦ ᠴᠣᠩᠬᠤᠨ ᠳᠤ ᠲᠦᠰᠢᠭᠯᠡᠨ᠂ ᠲᠠᠸᠠᠷ ᠤᠨ ᠲᠡᠮᠳᠡᠭ ᠢ ᠳᠠᠩᠰᠠᠯᠠᠬᠤ᠂ ᠬᠤᠪᠢᠷᠠᠭᠤᠯᠬᠤ᠂ ᠬᠤᠳᠠᠯᠳᠤᠬᠤ᠂  ᠦᠷᠭᠦᠯᠵᠢᠯᠡᠨ  ᠬᠡᠷᠡᠭᠯᠡᠬᠦ᠂ ᠵᠥᠪᠰᠢᠶᠡᠷᠡᠯ ᠢ ᠳᠠᠩᠰᠠᠯᠠᠬᠤ᠂ ᠮᠠᠳ᠋ᠷᠢᠳ᠋ ᠤᠨ ᠲᠠᠸᠠᠷ ᠤᠨ ᠲᠡᠮᠳᠡᠭ ᠢ ᠳᠠᠩᠰᠠᠯᠠᠭᠤᠯᠬᠤ ᠪᠠᠷ ᠭᠤᠶᠤᠴᠢᠯᠠᠬᠤ ᠪᠥᠬᠦ ᠬᠡᠯᠬᠢᠶᠡᠨ ᠤ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠲᠠᠸᠠᠷ ᠤᠨ ᠲᠡᠮᠳᠡᠭ ᠢ ᠳᠠᠩᠰᠠᠯᠠᠬᠤ᠂ ᠮᠠᠳ᠋ᠷᠢᠳ᠋ ᠤᠨ ᠲᠠᠸᠠᠷ ᠤᠨ ᠲᠡᠮᠳᠡᠭ ᠢ ᠳᠠᠩᠰᠠᠯᠠᠬᠤ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠨᠢᠭᠡ ᠴᠣᠭᠴᠠᠵᠢᠭᠤᠯᠤᠭᠰᠠᠨ ᠬᠠᠮᠵᠢᠯᠴᠠᠭᠰᠠᠨ ᠦᠢᠯᠡᠴᠢᠯᠡᠭᠡ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠠᠸᠠᠷ ᠤᠨ ᠲᠡᠮᠳᠡᠭ ᠢ ᠳᠠᠩᠰᠠᠯᠠᠬᠤ ᠪᠥᠬᠦ ᠲᠠᠯ᠎ᠠ ᠶᠢᠨ ︽ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ︾ ᠬᠠᠩᠭᠠᠨ᠎ᠠ᠃      21. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠯᠠᠨ ᠨᠡᠶᠢᠳᠡ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠶᠢ ᠨᠢᠭᠡ ᠴᠣᠭᠴᠠᠵᠢᠭᠤᠯᠤᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠥᠬᠦ ᠠᠮᠢ ᠨᠠᠰᠤᠨ ᠤ ᠦᠶᠡᠯᠡᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ︔ ︽ᠨᠢᠭᠡ ᠪᠦᠰᠡ ᠨᠢᠭᠡ ᠵᠠᠮ︾ ᠳᠠᠭᠠᠤ ᠶᠢᠨ ᠬᠠᠮᠢᠶ᠎ᠠ ᠪᠦᠬᠦᠢ ᠤᠯᠤᠰ ᠪᠠ ᠭᠠᠵᠠᠷ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠴᠤᠭᠯᠠᠭᠤᠯᠬᠤ᠂ ᠨᠡᠶᠢᠳᠬᠡᠬᠦ᠂ ᠬᠠᠳᠠᠭᠠᠯᠠᠬᠤ ᠪᠠ ᠬᠥᠲᠥᠯᠪᠦᠷᠢᠯᠡᠬᠦ ᠠᠵᠢᠯ ᠢ ᠪᠡᠶᠡᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠮᠣ ᠳ᠋ᠠᠶᠢᠲ᠋ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ︔ ᠪᠥᠬᠦ ᠨᠡᠶᠢᠭᠡᠮ ᠳᠤ ᠬᠠᠨᠳᠤᠭᠤᠯᠤᠨ ᠰᠠᠭᠤᠷᠢ ᠲᠤᠭ᠎ᠠ ᠪᠠᠷᠢᠮᠲᠠ ᠶᠢ ᠰᠦᠢᠳᠬᠡᠯ ᠬᠤᠷᠢᠶᠠᠬᠤ ᠦᠭᠡᠢ ᠬᠠᠩᠭᠠᠵᠤ ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠬᠠᠨᠳᠤᠭᠤᠯᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢ ᠨᠠᠷᠢᠯᠢᠭ ᠣᠨᠣᠪᠴᠢᠲᠠᠢ ᠬᠦᠷᠭᠡᠬᠦ ᠦᠢᠯᠡᠴᠢᠯᠡᠭᠡ ᠥᠷᠨᠢᠭᠦᠯᠦᠨ᠎ᠡ᠃      22. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠭ᠎ᠠ ᠪᠠᠷᠢᠮᠲᠠ ᠶᠢ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠬᠦᠷᠢᠶ᠎ᠡ ᠴᠠᠷᠠᠭ᠎ᠠ ᠶᠢ ᠨᠠᠷᠢᠨ ᠬᠤᠪᠢᠶᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠰᠡᠳᠦᠪᠲᠦ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠵᠠᠬ᠎ᠠ ᠳᠡᠯᠭᠡᠭᠦᠷᠴᠢᠯᠡᠨ ᠨᠡᠭᠡᠭᠡᠨ ᠬᠥᠭᠵᠢᠭᠦᠯᠬᠦ ᠪᠠ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠭ᠎ᠠ ᠪᠠᠷᠢᠮᠲᠠ᠂ ᠬᠠᠤᠯᠢ ᠴᠠᠭᠠᠵᠠ ᠶᠢᠨ ᠮᠡᠳᠡᠭᠡ ᠵᠠᠩᠭᠢ᠂ ᠵᠠᠬ᠎ᠠ ᠳᠡᠯᠭᠡᠭᠦᠷ ᠤᠨ ᠬᠥᠳᠡᠯᠦᠩᠭᠦᠢ ᠪᠠᠶᠢᠳᠠᠯ ᠵᠡᠷᠭᠡ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠶᠢᠳᠬᠡᠵᠦ᠂ ᠠᠵᠤ ᠠᠬᠤᠶᠢᠯᠠᠯ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠶᠢᠯᠲᠠ᠂ ᠵᠠᠳᠠᠯᠤᠯᠲᠠ᠂ ᠰᠡᠷᠡᠮᠵᠢᠯᠡᠭᠦᠯᠦᠯ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠨ᠎ᠠ︔ ᠵᠠᠰᠠᠭ ᠤᠨ ᠣᠷᠳᠣᠨ ᠬᠤᠳᠠᠯᠳᠤᠨ ᠠᠪᠴᠤ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠬᠡᠯᠪᠡᠷᠢ ᠪᠠᠷ᠂ ᠭᠤᠣᠯ ᠬᠥᠭᠵᠢᠭᠰᠡᠨ ᠵᠠᠬ᠎ᠠ ᠳᠡᠯᠭᠡᠭᠦᠷ ᠤᠨ ᠲᠤᠰᠬᠠᠢ ᠠᠰᠢᠭ ᠤᠨ ᠳ᠋ᠠᠶᠢᠲ᠋ᠠ ᠬᠥᠮᠥᠷᠭᠡ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠬᠤᠳᠠᠯᠳᠤᠨ ᠠᠪᠴᠤ᠂ ᠰᠢᠨ᠎ᠡ ᠶᠢ ᠡᠭᠦᠳᠬᠦ ᠭᠤᠣᠯ ᠴᠣᠭᠴᠠ ᠶᠢᠨ ᠬᠥᠭᠵᠢᠯᠲᠡ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢ ᠬᠠᠶᠢᠬᠤ ᠲᠠᠪᠴᠠᠩ ᠪᠠ ᠲᠤᠯᠭᠠᠭᠤᠷᠢᠯᠠᠬᠤ ᠦᠢᠯᠡᠴᠢᠯᠡᠭᠡ ᠬᠠᠩᠭᠠᠨ᠎ᠠ᠃      ︵ᠲᠠᠪᠤ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠤᠯ ᠢᠷᠭᠡᠨᠰᠢᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ᠴᠢᠳᠠᠪᠤᠷᠢᠲᠠᠨ ᠬᠥᠮᠥᠵᠢᠭᠦᠯᠬᠦ ᠥᠨᠳᠦᠷᠯᠢᠭ ᠢ ᠨᠠᠩ ᠥᠨᠳᠥᠷ ᠶᠠᠰᠤ ᠴᠢᠨᠠᠷᠲᠠᠢ ᠡᠭᠦᠳᠦᠨ ᠪᠠᠶᠢᠭᠤᠯᠤᠨ᠎ᠠ      23. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠤᠬᠠᠭᠤᠯᠭ᠎ᠠ ᠶᠢ ᠴᠢᠩᠭᠠᠳᠬᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠪᠦᠬᠦ ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠮᠰᠠᠷ ᠢ ᠴᠢᠩᠭᠠᠳᠬᠠᠨ᠎ᠠ︔ ᠲᠧᠯᠸᠢᠰ ᠬᠤᠷᠢᠶ᠎ᠠ᠂ ᠭᠤᠣᠯ ᠰᠣᠨᠢᠨ ᠵᠡᠷᠭᠡ ᠤᠯᠠᠮᠵᠢᠯᠠᠯᠲᠤ ᠵᠠᠭᠤᠴᠢᠯᠠᠭᠤᠷ ᠳᠡᠭᠡᠷ᠎ᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢ ᠴᠢᠩᠭᠠᠳᠬᠠᠵᠤ᠂ ᠰᠦᠯᠵᠢᠶ᠎ᠡ᠂ ᠪᠢᠴᠢᠯ ᠪᠦᠷᠭᠡ᠂ ᠸᠢᠴᠠᠲ ᠵᠡᠷᠭᠡ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢ ᠥᠷᠭᠡᠨ ᠢᠶᠠᠷ ᠳᠠᠮᠵᠢᠭᠤᠯᠤᠨ ᠬᠦᠷᠭᠡᠵᠦ᠂ ᠪᠦᠬᠦ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ᠂ ᠳᠤᠮᠳᠠᠳᠤ ᠤᠯᠤᠰ ᠤᠨ ᠲᠤᠰᠬᠠᠢ ᠠᠰᠢᠭ ᠤᠨ ᠭᠠᠷᠠᠭ ᠵᠡᠷᠭᠡ ᠠᠵᠢᠯᠯᠠᠭ᠎ᠠ ᠶᠢ ᠠᠰᠢᠭᠯᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ︔ ︽ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠬᠢᠭᠡᠳ ᠬᠠᠮᠠᠭᠠᠯᠠᠯᠲᠠ︾ ᠶᠢᠨ ᠮᠡᠳᠡᠭᠦᠯᠦᠯᠲᠡ ᠶᠢ ᠨᠠᠶᠢᠷᠠᠭᠤᠯᠤᠨ ᠨᠡᠶᠢᠲᠡᠯᠡᠵᠦ᠂ ᠳᠡᠯᠡᠬᠡᠢ ᠳᠡᠭᠡᠷ᠎ᠡ ᠨᠥᠯᠥᠭᠡᠯᠡᠬᠦ ᠬᠦᠴᠦᠨ ᠲᠠᠢ ᠲᠣᠮᠣ ᠬᠡᠯᠪᠡᠷᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯᠯᠠᠭ᠎ᠠ ᠡᠷᠭᠢᠯᠡᠬᠦ ᠶᠢ ᠳᠡᠮᠵᠢᠨ᠎ᠡ︔ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠥᠬᠦ ᠣᠷᠣᠨ ᠳᠤ ᠬᠠᠨᠳᠤᠭᠤᠯᠤᠭᠰᠠᠨ ᠥᠨᠳᠥᠷ ᠥᠷᠲᠡᠭᠲᠦ ᠲᠤᠰᠬᠠᠢ ᠠᠰᠢᠭ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠤᠷᠤᠯᠳᠤᠭᠠᠨ ᠢ ᠡᠷᠭᠢᠯᠡᠨ᠂ ᠥᠨᠳᠥᠷ ᠥᠷᠲᠡᠭᠲᠦ ᠲᠤᠰᠬᠠᠢ ᠠᠰᠢᠭ ᠢ ᠪᠣᠶᠢᠵᠢᠭᠤᠯᠬᠤ ᠲᠤᠷᠰᠢᠯᠭ᠎ᠠ ᠪᠠᠨ ᠰᠣᠯᠢᠯᠴᠠᠵᠤ᠂ ᠲᠡᠷᠢᠭᠦᠨ ᠤ ᠮᠡᠷᠭᠡᠵᠢᠯ ᠲᠠᠢ᠂ ᠵᠠᠬ᠎ᠠ ᠳᠡᠯᠭᠡᠭᠦᠷ ᠤᠨ ᠳᠠᠯᠳᠠ ᠬᠦᠴᠦᠨ ᠢᠶᠠᠷ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ ᠢ ᠠᠭᠤᠳᠠᠯᠤᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠷᠠᠭᠠᠯᠬᠢᠯᠠᠯ ᠤᠨ ᠴᠢᠨᠠᠷᠲᠠᠢ ᠰᠤᠳᠤᠯᠭᠠᠨ ᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠰ ᠤᠨ ᠲᠦᠷᠭᠡᠨ ᠬᠥᠭᠵᠢᠬᠦ ᠳᠤ ᠰᠢᠢᠳᠪᠦᠷᠢᠲᠦ ᠪᠣᠳᠣᠯᠭ᠎ᠠ ᠶᠢᠨ ᠯᠠᠪᠯᠠᠯᠲᠠ ᠬᠠᠩᠭᠠᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠯᠭᠡ ᠶᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠳᠤ ᠣᠷᠣᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠵᠦ ᠬᠠᠮᠠᠭᠠᠯᠠᠳᠠᠭ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃      24. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠰᠬᠠᠢ ᠠᠰᠢᠭ ᠤᠨ ᠪᠣᠳᠠᠲᠠᠢ ᠠᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠬᠡᠯᠪᠡᠷᠢ ᠶᠢᠨ᠂ ᠬᠠᠮᠢᠶᠠᠷᠤᠯᠲᠠ ᠶᠢᠨ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠦᠨ᠎ᠡ︔ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠨᠵᠢᠯᠡᠭᠡᠨ ᠤ ᠬᠢᠴᠢᠶᠡᠯ ᠲᠥᠷᠥᠯ ᠤᠨ ᠪᠠᠶᠢᠭᠤᠯᠤᠯᠲᠠ ᠪᠠ ᠰᠤᠷᠤᠯᠭ᠎ᠠ ᠶᠢᠨ ᠨᠠᠮᠲᠠᠷ ᠤᠨ ᠬᠥᠮᠦᠵᠢᠯ ᠢᠶᠠᠨ ᠴᠢᠩᠭᠠᠳᠬᠠᠬᠤ ᠶᠢ ᠳᠡᠮᠵᠢᠵᠦ᠂ ᠵᠠᠯᠠᠭᠤᠴᠤᠳ ᠪᠠᠭᠠᠴᠤᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠰᠤᠷᠭᠠᠨ ᠬᠥᠮᠥᠵᠢᠭᠦᠯᠬᠦ ᠠᠵᠢᠯ ᠢ ᠥᠷᠨᠢᠭᠦᠯᠦᠨ᠎ᠡ᠃ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠦᠨᠳᠦᠰᠦᠨ ᠮᠡᠳᠡᠯᠭᠡ ᠶᠢ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠪᠣᠯᠪᠠᠰᠤᠷᠠᠭᠤᠯᠤᠯ ᠤᠨ ᠠᠭᠤᠯᠭ᠎ᠠ ᠳᠤ ᠣᠷᠣᠭᠤᠯᠵᠤ᠂ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      25. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠨ᠎ᠠ᠃ ︽ᠨᠢᠭᠡ ᠪᠦᠰᠡ ᠨᠢᠭᠡ ᠵᠠᠮ︾ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠶᠤᠨ ᠤ ᠬᠥᠮᠥᠷᠭᠡ ᠶᠢ ᠪᠠᠶᠢᠭᠤᠯᠤᠨ᠎ᠠ︔ ᠶᠡᠭᠡ ᠳᠡᠭᠡᠳᠦ ᠰᠤᠷᠭᠠᠭᠤᠯᠢ ᠳᠤ ᠲᠦᠰᠢᠭᠯᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠡᠭᠡᠳᠦ ᠰᠤᠷᠭᠠᠭᠤᠯᠢ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠳᠤᠯᠭᠠᠨ ᠤ ᠬᠦᠷᠢᠶᠡᠯᠡᠩ ᠢ 1—2 ᠢ ᠪᠠᠶᠢᠭᠤᠯᠵᠤ᠂ ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠮᠣᠩᠭᠤᠯ᠂ ᠣᠷᠣᠰ ᠤᠨ ᠶᠡᠭᠡ ᠳᠡᠭᠡᠳᠦ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠲᠠᠢ ᠬᠠᠮᠲᠤᠷᠠᠨ᠂ ᠣᠨᠣᠯ ᠪᠠ ᠦᠢᠯᠡᠳᠦᠯᠭᠡ ᠶᠢᠨ ᠰᠤᠳᠤᠯᠭᠠᠨ᠂ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ᠂ ᠪᠠᠶᠢᠯᠳᠤᠬᠤ ᠪᠣᠳᠣᠯᠭ᠎ᠠ ᠶᠢᠨ ᠵᠥᠪᠯᠡᠯᠭᠡ ᠵᠡᠷᠭᠡ ᠶᠢ ᠥᠷᠨᠢᠭᠦᠯᠵᠦ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ ᠭᠠᠵᠠᠷ ᠣᠷᠣᠨ ᠳᠤ ᠳᠠᠶᠠᠭᠠᠷᠴᠢᠯᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠴᠢᠳᠠᠪᠤᠷᠢᠲᠠᠨ ᠢ ᠬᠥᠮᠥᠵᠢᠭᠦᠯᠦᠨ᠎ᠡ︔ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠳᠡᠭᠡᠳᠦ ᠲᠠᠰ ᠳᠠᠪᠬᠤᠷᠭ᠎ᠠ ᠶᠢᠨ ᠬᠠᠮ ᠬᠡᠯᠪᠡᠷᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠢᠳᠡᠪᠬᠢᠲᠡᠢ ᠪᠠᠷ ᠣᠷᠣᠭᠤᠯᠤᠨ ᠠᠪᠴᠢᠷᠠᠬᠤ ᠶᠢ ᠳᠡᠮᠵᠢᠵᠦ᠂ ᠴᠢᠳᠠᠪᠤᠷᠢᠲᠠᠨ ᠤ ᠡᠷᠦᠬᠡ ᠠᠮᠠ ᠣᠷᠣᠬᠤ᠂ ᠡᠮᠴᠢᠯᠡᠭᠡᠨ ᠤ ᠦᠢᠯᠡᠴᠢᠯᠡᠭᠡ᠂ ᠦᠷ᠎ᠡ ᠬᠡᠦᠬᠡᠳ ᠤᠨ ᠰᠤᠷᠭᠠᠨ ᠬᠥᠮᠦᠵᠢᠯ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠲᠠᠯ᠎ᠠ ᠶᠢᠨ ᠨᠠᠷᠢᠯᠢᠭ ᠣᠨᠣᠪᠴᠢᠲᠠᠢ᠂ ᠪᠥᠬᠦ ᠲᠠᠯ᠎ᠠ ᠶᠢᠨ ᠳᠡᠮᠵᠢᠯᠭᠡ ᠶᠢ ᠦᠨᠡᠨᠬᠦ ᠴᠢᠩᠭᠠᠳᠬᠠᠨ᠎ᠠ᠃      ︵ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠨᠠᠩ ᠥᠨᠳᠥᠷ ᠲᠠᠰ ᠳᠠᠪᠬᠤᠷᠭ᠎ᠠ ᠪᠠᠷ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠳᠤ ᠬᠦᠴᠦᠨ ᠨᠡᠮᠡᠷᠢᠯᠡᠨ᠎ᠡ      26. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠤᠮᠠᠷᠠᠲᠤ ᠣᠷᠣᠨ᠂ ᠪᠠᠷᠠᠭᠤᠨ ᠣᠷᠣᠨ ᠤ ᠬᠤᠲᠠ ᠪᠠ ᠳᠡᠳ᠋ ᠮᠤᠵᠢ ᠶᠢᠨ ᠱᠠᠲᠤᠨ ᠤ ᠬᠤᠲᠠ ᠯᠤᠭ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠳᠠᠶᠠᠭᠠᠷᠴᠢᠯᠠᠭᠰᠠᠨ ᠨᠡᠭᠡᠭᠡᠯᠲᠡ ᠲᠠᠢ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠤᠨ᠎ᠠ︔ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ ᠭᠠᠵᠠᠷ ᠣᠷᠣᠨ ᠯᠤᠭ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠠᠷᠢᠯᠴᠠᠨ ᠰᠤᠷᠪᠤᠯᠵᠢᠯᠠᠨ ᠰᠣᠯᠢᠯᠴᠠᠬᠤ᠂ ᠬᠤᠷᠠᠯ ᠢᠶᠠᠷ ᠰᠤᠳᠤᠯᠤᠨ ᠶᠠᠷᠢᠯᠴᠠᠬᠤ ᠵᠡᠷᠭᠡ ᠬᠡᠯᠪᠡᠷᠢ ᠪᠠᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠶᠠᠭᠠᠷᠴᠢᠯᠠᠭᠰᠠᠨ ᠰᠣᠯᠢᠯᠴᠠᠭ᠎ᠠ ᠬᠠᠮᠳᠤᠷᠠᠯᠴᠠᠭᠠᠨ ᠤ ᠲᠠᠪᠴᠠᠩ ᠢ ᠪᠠᠶᠢᠭᠤᠯᠤᠨ᠎ᠠ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ      ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠲᠤᠷᠠᠭᠰᠠᠨ ᠬᠤᠷᠠᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠮᠥᠷᠳᠡᠵᠦ ᠦᠨᠡᠯᠡᠨ ᠵᠢᠱᠢᠵᠦ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠵᠤ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠲᠣᠳᠣᠷᠬᠠᠢ ᠪᠠᠭᠤᠯᠭᠠᠵᠤ᠂ ᠪᠦᠲᠦᠭᠡᠨ ᠪᠠᠶᠢᠭᠤᠯᠤᠯᠲᠠ ᠶᠢᠨ ᠠᠵᠢᠯ ᠤᠨ ᠡᠭᠦᠷᠭᠡ ᠶᠢ ᠡᠮᠬᠢ ᠵᠢᠷᠤᠮ ᠲᠠᠢ ᠥᠷᠨᠢᠭᠦᠯᠵᠦ ᠴᠠᠭ ᠲᠤᠬᠠᠢ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠶᠢ  ᠬᠢᠨᠠᠨ ᠰᠢᠯᠭᠠᠬᠤ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠯᠡᠬᠦ ᠰᠢᠰᠲ᠋ᠧᠮᠵᠢ ᠳᠤ ᠣᠷᠣᠭᠤᠯᠵᠤ᠂  ᠬᠢᠨᠠᠨ ᠰᠢᠯᠭᠠᠭᠰᠠᠨ ᠦᠷ᠎ᠡ ᠳ᠋ᠦᠩ ᠢ ᠤᠳᠤᠷᠢᠳᠬᠤ ᠪᠠᠭ ᠪᠠ ᠤᠳᠤᠷᠢᠳᠬᠤ ᠺᠠᠳ᠋ᠷ ᠢ ᠶᠡᠷᠦᠩᠬᠡᠶᠢᠯᠡᠨ ᠦᠨᠡᠯᠡᠨ ᠰᠢᠯᠭᠠᠬᠤ ᠴᠢᠬᠤᠯᠠ ᠦᠨᠳᠦᠰᠦᠯᠡᠯ ᠪᠣᠯᠭᠠᠨ᠎ᠠ᠃      ︵ᠬᠤᠶᠠᠷ︶ ᠪᠡᠯᠡ ᠮᠦᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ      ᠡᠳ᠋ ᠤᠨ ᠵᠠᠰᠠᠭ ᠤᠨ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ ᠶᠢᠨ ᠠᠷᠭ᠎ᠠ ᠵᠠᠮ ᠤᠨ ᠲᠤᠯᠭᠠᠭᠤᠷᠢᠯᠠᠯ ᠢ ᠢᠳᠡᠪᠬᠢᠲᠡᠢ ᠲᠡᠮᠡᠴᠡᠨ ᠣᠯᠵᠤ᠂ ᠱᠠᠩᠨᠠᠯ ᠤᠨ ᠪᠡᠯᠡ ᠮᠥᠩᠭᠦ ᠶᠢ ᠪᠣᠳᠠᠲᠠᠢ ᠣᠯᠭᠤᠬᠤ ᠶᠢ ᠦᠨᠡᠨᠬᠦ ᠪᠠᠲᠤᠯᠠᠨ᠎ᠠ᠃ ᠬᠤᠲᠠ ᠶᠢᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠥᠰᠥᠪ ᠢ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠪᠡᠯᠡ ᠮᠥᠩᠭᠦ ᠶᠢ ᠲᠤᠬᠠᠢ ᠶᠢᠨ ᠵᠢᠯ ᠤᠨ ᠰᠠᠯᠠᠭ᠎ᠠ ᠮᠥᠴᠢᠷ ᠤᠨ ᠲᠥᠰᠥᠪ ᠲᠤ ᠵᠢᠭᠰᠠᠭᠠᠨ ᠣᠷᠣᠭᠤᠯᠵᠤ᠂ ᠲᠥᠪ ᠤᠨ ᠡᠳ᠋ ᠤᠨ ᠵᠠᠰᠠᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭ ᠶᠠᠪᠤᠳᠠᠯ ᠤᠨ ᠵᠠᠷᠤᠯᠭ᠎ᠠ ᠶᠢᠨ ᠲᠥᠰᠥᠪ ᠶᠣᠰᠣᠭᠠᠷ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ ᠬᠠᠤᠯᠢ ᠶᠣᠰᠣᠭᠠᠷ ᠪᠡᠯᠡ ᠲᠣᠬᠢᠷᠠᠭᠤᠯᠭ᠎ᠠ ᠶᠢ ᠥᠷᠭᠡᠳᠬᠡᠨ᠂ ᠵᠠᠬ᠎ᠠ ᠳᠡᠯᠭᠡᠭᠦᠷ ᠤᠨ ᠠᠵᠢᠯᠯᠠᠭᠠᠨ ᠤ ᠰᠢᠨ᠎ᠡ ᠶᠢ ᠡᠭᠦᠳᠴᠦ᠂ ᠨᠡᠶᠢᠭᠡᠮ ᠤᠨ ᠪᠡᠯᠡ ᠮᠥᠩᠭᠦ ᠶᠢᠨ ᠣᠷᠣᠭᠤᠯᠤᠯᠲᠠ ᠶᠢ ᠬᠥᠲᠥᠯᠥᠨ ᠵᠢᠯᠤᠭᠤᠳᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠶᠢᠨ ᠪᠡᠯᠡ ᠮᠥᠩᠭᠦ ᠴᠤᠭᠯᠠᠭᠤᠯᠬᠤ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃      ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠶᠢ ᠴᠢᠩᠭᠠᠳᠬᠠᠨ᠎ᠠ      ᠤᠯᠤᠰ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠡᠳ᠋ ᠪᠠᠷᠠᠭᠠᠨ ᠤ ᠰᠦᠯᠵᠢᠶ᠎ᠡ᠂ ᠵᠠᠩᠭᠢ ᠶᠢᠨ ᠴᠥᠷᠬᠡᠯᠡᠭᠡ ᠵᠡᠷᠭᠡ ᠮᠡᠷᠭᠡᠵᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠳᠤᠮᠳᠠᠬᠢ ᠡᠷᠬᠡ ᠳᠤ ᠬᠠᠯᠳᠠᠵᠤ ᠬᠠᠭᠤᠷᠮᠠᠭᠯᠠᠨ ᠦᠶᠯᠡᠳᠬᠦ ᠶᠢ ᠡᠬᠢ ᠡᠭᠦᠰᠦᠯ ᠠᠴᠠ ᠨᠢ ᠮᠥᠷᠳᠡᠬᠦ᠂ ᠲᠤᠬᠠᠢ ᠶᠢᠨ ᠴᠠᠭ ᠲᠤᠨᠢ ᠬᠢᠨᠠᠨ ᠬᠡᠮᠵᠢᠬᠦ᠂ ᠰᠦᠯᠵᠢᠶᠡᠨ ᠳᠡᠭᠡᠷ᠎ᠡ ᠢᠯᠭᠠᠨ ᠲᠠᠨᠢᠬᠤ᠂ ᠰᠦᠯᠵᠢᠶᠡᠨ ᠳᠡᠭᠡᠷᠡᠬᠢ ᠭᠡᠷᠡᠴᠢ ᠪᠠᠷᠢᠮᠲᠠ ᠶᠢ ᠬᠠᠮᠠᠭᠠᠯᠠᠨ ᠬᠠᠳᠠᠭᠠᠯᠠᠬᠤ᠂ ᠡᠯᠧᠺᠲᠷᠣᠨ ᠭᠡᠷᠡᠴᠢ ᠪᠣᠳᠠᠰ ᠣᠯᠬᠤ ᠵᠡᠷᠭᠡ ᠴᠢᠳᠠᠮᠵᠢ ᠶᠢ ᠭᠦᠢᠴᠡᠳ ᠬᠡᠷᠡᠭᠯᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠠᠵᠢᠯᠯᠠᠭ᠎ᠠ ᠶᠢ ᠬᠢᠨᠠᠨ ᠲᠣᠭᠲᠠᠭᠠᠬᠤ᠂ ᠬᠤᠬᠢᠷᠠᠯ ᠢ ᠦᠨᠡᠯᠡᠨ ᠵᠢᠱᠢᠬᠦ᠂ ᠣᠨᠣᠪᠴᠢᠲᠠᠢ ᠪᠠᠷ ᠴᠣᠬᠢᠯᠲᠠ ᠥᠭᠬᠦ ᠴᠢᠳᠠᠪᠤᠷᠢ ᠶᠢ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠠ ᠬᠠᠤᠯᠢ ᠴᠠᠭᠠᠵᠠ ᠶᠢᠨ ᠲᠣᠨᠣᠭᠯᠠᠯ ᠢ ᠣᠳᠣᠬᠢᠴᠢᠯᠠᠬᠤ᠂ ᠣᠶᠣᠨᠴᠢᠯᠠᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠳᠥᠷᠪᠡ︶ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠨ᠎ᠠ      ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠴᠢᠨᠠᠷ ᠰᠠᠶᠢᠲᠠᠢ ᠪᠤᠵᠠᠭᠠᠶᠢᠷᠠᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠲᠤᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠬᠦᠷᠢᠶᠡᠯᠡᠩ ᠪᠤᠶᠤ ᠣᠯᠠᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠬᠦᠷᠢᠶᠡᠯᠡᠩ ᠵᠡᠷᠭᠡ ᠣᠶᠤᠨ ᠤ ᠬᠥᠮᠥᠷᠭᠡ ᠶᠢᠨ ᠪᠠᠶᠢᠭᠤᠯᠤᠮᠵᠢ ᠶᠢ ᠰᠦᠪᠡᠭᠴᠢᠯᠡᠨ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠭᠡᠳ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠰᠤᠷᠤᠯᠴᠠᠵᠤ ᠰᠣᠯᠢᠯᠴᠠᠬᠤ ᠲᠣᠭᠲᠠᠴᠠ ᠶᠢ ᠪᠠᠶᠢᠭᠤᠯᠤᠨ᠂ ᠰᠢᠨ᠎ᠡ ᠴᠠᠭ ᠦᠶ᠎ᠡ ᠳᠤ ᠲᠣᠬᠢᠷᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠳᠠᠯ ᠲᠠᠢ ᠺᠠᠳ᠋ᠷᠴᠤᠳ ᠤᠨ ᠡᠩᠨᠡᠭᠡ ᠶᠢ ᠪᠠᠶᠢᠭᠤᠯᠤᠨ᠎ᠠ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ