ᠴᠢᠩ ᠱᠦᠢ ᠾᠧ ᠰᠢᠶᠠᠨ ᠤ ᠬᠢᠨ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠪᠠ
ᠨᠡᠶᠢᠲᠡᠯᠡᠭᠰᠡᠨ ᠴᠠᠭ᠄
2023/4/13
      ᠣᠶᠢᠷ᠎ᠠ ᠳᠤ ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠪᠦᠯᠬᠦᠮ ᠳᠠᠭᠠᠭᠤᠯᠤᠨ ᠱᠠᠨᠳᠦ᠋ᠩ ᠮᠤᠵᠢ ᠶᠢᠨ ᠵᠢᠨᠠᠨ ᠬᠤᠲᠠ ᠂ ᠵᠢᠨᠢᠩ ᠬᠤᠲᠠ ᠂ ᠾᠧᠽᠧ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ ᠃ ᠳ᠋ᠢᠶᠣᠣ ᠵᠧᠨ ᠤ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ᠂ ᠴᠧᠩ ᠦ᠋ ᠰᠢᠶᠠᠨ ᠤ ᠣᠷᠭᠠᠨᠢᠭ ᠭᠠᠵᠠᠷ ᠣᠷᠣᠨ ᠤ ᠪᠠᠷᠢᠮᠵᠢᠶᠠᠲᠤ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠣᠯᠣᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠲᠤᠬᠠᠢ ᠶᠢᠨ ᠭᠠᠵᠠᠷ  ᠲᠤᠨᠢ ᠰᠢᠨᠵᠢᠯᠡᠨ ᠪᠠᠶᠢᠴᠠᠭᠠᠵᠤ᠂  ᠶᠢᠨ ᠺᠦᠩ ᠮᠢᠩ ᠴᠢᠤᠸᠠᠨ ᠪᠦᠯᠦᠭᠯᠡᠯ᠂ ᠲᠠᠶᠢᠱᠠᠨ ᠰᠢᠯ ᠰᠢᠷᠬᠡᠭ ᠤᠨ ᠽᠧᠦ ᠴᠧᠩ ᠬᠢᠵᠠᠭᠠᠷᠲᠤ ᠺᠣᠮᠫᠠᠨᠢ᠂ ᠱᠠᠨ ᠰᠢᠶᠠᠨ ᠤ ᠲᠢᠶᠠᠨ ᠷᠦᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠲᠠᠢ ᠪᠣᠳᠠᠲᠠᠢ ᠵᠥᠪᠳᠡᠯᠴᠡᠨ ᠵᠣᠯᠭᠠᠭᠤᠯᠵᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠰᠢᠯᠤᠨ ᠰᠢᠷᠬᠡᠭ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠪᠣᠯᠪᠠ᠃  
清水河县围绕优势产业加大招商引资力度1.jpg
清水河县围绕优势产业加大招商引资力度2.jpg
      ᠵᠠᠩ ᠺᠧ ᠯᠢᠩ ᠡᠯ᠎ᠡ ᠠᠵᠤ ᠠᠬᠤᠶᠢᠯᠠᠯᠲᠠᠨ ᠳᠤ ᠴᠢᠩ ᠱᠦᠢ ᠾᠧ ᠰᠢᠶᠠᠨ ᠤ ᠣᠳᠣᠬᠢᠴᠢᠯᠠᠭᠰᠠᠨ ᠠᠵᠤ ᠦᠢᠯᠡᠳᠪᠦᠷᠢ᠂ ᠭᠤᠣᠯᠢᠩ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢ ᠪᠣᠯᠣᠨ ᠳᠠᠪᠠᠭᠤᠯᠢᠭ ᠢ ᠲᠠᠨᠢᠯᠴᠠᠭᠤᠯᠵᠤ᠂ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ  ᠨᠢ ᠠᠷᠠᠯᠵᠢᠶᠠᠴᠢᠨ ᠤᠷᠢᠵᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠵᠤ᠂ ᠨᠢᠭᠡ ᠪᠦᠯᠦᠭ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠴᠢᠩᠭᠠᠳᠬᠠᠬᠤ ᠰᠠᠶᠢᠨ ᠲᠦᠷᠦᠯ ᠵᠦᠢᠯ ᠲᠣᠮᠣ ᠲᠦᠷᠦᠯ ᠵᠦᠢᠯ ᠢ ᠦᠨᠡᠨᠬᠦ ᠣᠷᠣᠭᠤᠯᠵᠤ ᠠᠪᠴᠢᠷᠠᠬᠤ ᠬᠡᠷᠡᠭᠲᠡᠢ ᠭᠡᠵᠦ ᠴᠢᠬᠤᠯᠠᠴᠢᠯᠠᠪᠠ᠃ ᠶᠢᠨ ᠺᠦᠩ ᠮᠢᠩ ᠴᠢᠤᠸᠠᠨ᠂ ᠲᠠᠶᠢᠱᠠᠨ ᠰᠢᠯ ᠰᠢᠷᠬᠡᠭ ᠂ ᠲᠢᠶᠠᠨ ᠷᠦᠢ ᠰᠢᠨ᠎ᠡ ᠮᠠᠲ᠋ᠧᠷᠢᠶᠠᠯ ᠵᠡᠷᠭᠡ ᠠᠵᠤ ᠠᠬᠤᠶᠢᠯᠠᠯ ᠳᠤ ᠣᠳᠣᠬᠢᠴᠢᠯᠠᠭᠰᠠᠨ ᠠᠵᠤ ᠦᠢᠯᠡᠳᠪᠦᠷᠢ᠂ ᠭᠤᠣᠯᠢᠩ ᠰᠢᠷᠣᠢ ᠶᠢᠨ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠤᠨ ᠳᠣᠣᠷᠠᠳᠤ ᠤᠷᠤᠰᠬᠠᠯ ᠤᠨ ᠠᠵᠤ ᠦᠢᠯᠡᠰ ᠢ ᠪᠣᠳᠠᠲᠠᠢ ᠪᠠᠷ ᠵᠥᠪᠳᠡᠯᠴᠡᠬᠦ ᠶᠢᠨ ᠬᠠᠮᠲᠤ ᠴᠠᠬᠢᠯᠭᠠᠨ ᠵᠠᠳᠠᠯᠤᠯ ᠤᠨ ᠰᠢᠩᠭᠡᠨ ᠤ ᠰᠢᠨ᠎ᠡ ᠮᠠᠲ᠋ᠧᠷᠢᠶᠠᠯ᠂ ᠲᠣᠮᠣ ᠮᠤᠯᠧᠺᠦᠶᠢᠯᠲᠤ ᠰᠢᠨ᠎ᠡ ᠮᠠᠲ᠋ᠧᠷᠢᠶᠠᠯ᠂ ᠪᠤᠯᠠᠭ ᠤᠨ ᠰᠢᠷᠬᠡᠭ ᠤᠨ ᠮᠠᠲ᠋ᠧᠷᠢᠶᠠᠯ ᠤᠨ ᠲᠤᠬᠠᠢ ᠠᠩᠬ᠎ᠠ ᠠᠯᠬᠤᠮ ᠤᠨ ᠰᠠᠨᠠᠯ ᠲᠠᠢ ᠪᠣᠯᠵᠠᠢ᠃      ᠡᠨᠡ ᠬᠤᠭᠤᠴᠠᠭᠠᠨ ᠳᠤ᠂ ᠴᠧᠩ ᠦ᠋ ᠰᠢᠶᠠᠨ ᠤ ᠬᠤᠳᠠ ᠶᠢᠨ ᠪᠦᠲᠦᠭᠡᠨ ᠪᠠᠶᠢᠭᠤᠯᠤᠯᠲᠠ ᠪᠣᠯᠣᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠰᠢᠨᠵᠢᠯᠡᠨ ᠪᠠᠶᠢᠴᠠᠭᠠᠵᠤ ᠰᠤᠷᠤᠯᠴᠠᠭᠰᠠᠨ ᠪᠥᠭᠡᠳ ᠴᠧᠩ ᠦ᠋ ᠰᠢᠶᠠᠨ ᠲᠠᠢ ᠨᠥᠬᠦᠷᠰᠡᠭ ᠰᠢᠶᠠᠨ ᠲᠣᠭᠤᠷᠢᠭ ᠪᠠᠶᠢᠭᠤᠯᠪᠠ᠃      ᠰᠢᠶᠠᠨ ᠤ ᠤᠳᠤᠷᠢᠳᠤᠯᠭ᠎ᠠ ᠵᠠᠩ ᡁᠢ ᠺᠦᠢ ᠂ ᠵᠢᠶᠣᠣ ᠴᠢᠶᠠᠨ ᠂ ᠴᠢᠶᠣᠤ ᠱᠧᠩ ᠠᠵᠢᠯᠯᠠᠭ᠎ᠠ ᠳᠤ ᠣᠷᠣᠯᠴᠠᠪᠠ ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ