ᠬᠤᠷᠢᠨᠭᠡᠷ ᠰᠢᠶᠠᠨ ᠬᠥᠮᠦᠨ ᠬᠡᠷᠡᠭᠯᠡᠬᠦ ᠨᠢᠭᠡᠴᠡ ᠶᠢᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠲᠥᠷᠥᠯ ᠬᠤᠪᠢᠶᠠᠨ ᠬᠢᠨᠠᠯᠲᠠ ᠲᠠᠯᠪᠢᠬᠤ ᠪᠣᠯᠪᠠᠰᠤᠷᠠᠭᠤᠯᠤᠯ ᠤᠨ ᠬᠤᠷᠠᠯ ᠬᠢᠪᠠ
ᠨᠡᠶᠢᠲᠡᠯᠡᠭᠰᠡᠨ ᠴᠠᠭ᠄
2023/4/13
  4.13和林格尔县举行用人单位职业卫生分类监督培训会.jpg   
      ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠬᠡᠷᠡᠭᠴᠡᠭᠡ ᠳᠤ ᠵᠣᠬᠢᠴᠠᠭᠤᠯᠤᠨ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ ᠂ ᠬᠥᠳᠡᠯᠮᠦᠷᠢᠴᠢᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠪᠦᠲᠦᠮᠵᠢᠲᠡᠶ ᠬᠠᠮᠠᠭᠠᠯᠠᠬᠤ ᠶᠢᠨ ᠲᠤᠰᠠᠳᠠ᠂ 4 ᠰᠠᠷ᠎ᠠ ᠶᠢᠨ 12 ᠤᠨ ᠡᠳᠦᠷ᠂ ᠬᠤᠷᠢᠨᠭᠡᠷ ᠰᠢᠶᠠᠨ ᠬᠥᠮᠦᠨ ᠬᠡᠷᠡᠭᠯᠡᠬᠦ ᠨᠢᠭᠡᠴᠡ ᠶᠢᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠲᠥᠷᠥᠯ ᠬᠤᠪᠢᠶᠠᠨ ᠬᠢᠨᠠᠯᠲᠠ ᠲᠠᠯᠪᠢᠬᠤ ᠪᠣᠯᠪᠠᠰᠤᠷᠠᠭᠤᠯᠤᠯ ᠤᠨ ᠬᠤᠷᠠᠯ ᠬᠢᠪᠠ᠃      ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠡᠪᠡᠳᠴᠢᠨ ᠡᠮᠭᠡᠭ ᠬᠢᠭᠡᠳ ᠰᠡᠷᠭᠡᠶᠢᠯᠡᠨ ᠬᠢᠵᠠᠭᠠᠷᠯᠠᠬᠤ ᠲᠥᠪ ᠵᠡᠷᠭᠡ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠠᠷᠢᠶᠠᠲᠤ ᠣᠷᠣᠨ ᠤ ᠡᠯ᠎ᠡ ᠬᠥᠮᠦᠨ ᠬᠡᠷᠡᠭᠯᠡᠬᠦ ᠨᠢᠭᠡᠴᠡ ᠶᠢᠨ ᠬᠠᠷᠢᠭᠤᠴᠠᠯᠭᠠᠲᠠᠨ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯᠲᠠᠨ ᠨᠡᠶᠢᠲᠡ 130 ᠭᠠᠷᠤᠶ ᠬᠥᠮᠦᠨ ᠪᠣᠯᠪᠠᠰᠤᠷᠠᠭᠤᠯᠤᠯ ᠳᠤ ᠣᠷᠣᠯᠴᠠᠵᠠᠶ᠃      ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ︽ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠡᠷᠡᠭᠦᠯ ᠮᠡᠨᠳᠦ ᠶᠢᠨ ᠳᠠᠩᠰᠠ ᠡᠪᠬᠡᠮᠡᠯ ᠤᠨ ᠬᠠᠮᠢᠶᠠᠷᠤᠯᠲᠠ︾ ︽ᠬᠥᠮᠦᠨ ᠬᠡᠷᠡᠭᠯᠡᠬᠦ ᠨᠢᠭᠡᠴᠢ ᠶᠢᠨ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠦᠨᠡᠯᠡᠯᠲᠡ︾ ᠶᠢᠨ ᠲᠤᠬᠠᠶ ᠲᠠᠶᠢᠯᠤᠮᠵᠢ ᠬᠢᠵᠡᠶ᠃ ᠬᠤᠷᠠᠯ ᠠᠴᠠ ᠬᠥᠮᠦᠨ ᠬᠡᠷᠡᠭᠯᠡᠬᠦ ᠨᠢᠭᠡᠴᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠶ ︵ᠲᠤᠰᠢᠶᠠᠯ ᠬᠠᠪᠰᠤᠷᠭᠠᠭᠰᠠᠨ︶ ᠠᠵᠢᠯᠲᠠᠨ ᠭᠠᠷᠭᠠᠵᠤ ᠲᠥᠷᠥᠯ ᠬᠤᠪᠢᠶᠠᠨ ᠲᠠᠰ ᠬᠤᠪᠢᠶᠠᠬᠤ ᠠᠵᠢᠯ ᠢ ᠥᠷᠨᠢᠭᠦᠯᠬᠦ ᠶᠢᠨ ᠬᠠᠮᠲᠤ ᠱᠠᠭᠠᠷᠳᠠᠭᠰᠠᠨ ᠴᠠᠭ ᠤᠨ ᠬᠢᠵᠠᠭᠠᠷ ᠶᠣᠰᠣᠭᠠᠷ ᠲᠥᠷᠥᠯ ᠬᠤᠪᠢᠶᠠᠨ ᠲᠠᠰ ᠬᠤᠪᠢᠶᠠᠬᠤ ᠪᠠ ᠳᠡᠭᠡᠭᠰᠢ ᠮᠡᠳᠡᠭᠦᠯᠬᠦ ᠠᠵᠢᠯ ᠢ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠵᠠᠶ᠃      ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠡᠯ᠎ᠡ ᠬᠥᠮᠦᠨ ᠬᠡᠷᠡᠭᠯᠡᠬᠦ ᠨᠢᠭᠡᠴᠡ ᠶᠢᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠲᠥᠷᠥᠯ ᠪᠠ ᠲᠠᠰ ᠬᠤᠪᠢᠶᠠᠬᠤ ᠠᠷᠭ᠎ᠠ ᠶᠢ ᠲᠣᠳᠣᠷᠬᠠᠶᠢᠯᠠᠨ᠂ ᠬᠤᠶᠢᠰᠢᠳᠠ ᠶᠢᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠲᠥᠷᠥᠯ ᠪᠠ ᠲᠠᠰ ᠬᠤᠪᠢᠶᠠᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠬᠠᠮᠢᠶ᠎ᠠ ᠪᠥᠬᠦᠶ ᠠᠵᠢᠯ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ