︵ᠰᠤᠷᠪᠤᠯᠵᠢᠯᠠᠭᠴᠢ ᠯᠢᠦᠢ ᠬᠤᠢ ᠱᠧᠩ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ | ᠰᠤᠷᠤᠭᠴᠢ᠂ ᠠᠵᠢᠯ ᠠᠯᠳᠠᠭᠰᠠᠨ ᠬᠥᠳᠡᠯᠮᠦᠷᠢᠴᠢᠨ᠂ ᠠᠵᠢᠯ ᠣᠯᠬᠤ ᠳᠤ ᠬᠦᠴᠢᠷᠲᠡᠢ ᠬᠥᠮᠥᠰ᠂ ᠴᠡᠷᠢᠭ ᠠᠴᠠ ᠬᠠᠯᠠᠭᠳᠠᠭᠰᠠᠳ ᠵᠢᠴᠢ ᠴᠡᠷᠢᠭ ᠠᠴᠠ | ᠬᠠᠯᠠᠭᠳᠠᠭᠰᠠᠳ ᠤᠨ ᠭᠡᠷ ᠪᠦᠯᠢ᠂ ᠵᠡᠮᠳᠡᠭᠴᠦᠳ ᠵᠡᠷᠭᠡ ᠬᠥᠮᠥᠰ ᠤᠨ ᠠᠵᠢᠯ ᠣᠯᠭᠤᠯᠲᠠ ᠶᠢ ᠦᠷᠭᠦᠯᠵᠢᠯᠡᠨ ᠠᠬᠢᠭᠤᠯᠵᠤ᠂ ᠬᠥᠮᠥᠨ ᠬᠡᠷᠡᠭᠯᠡᠬᠦ ᠨᠢᠭᠡᠴᠡ ᠲᠠᠢ | ᠰᠠᠶᠢᠨ ᠰᠠᠶᠢᠬᠠᠨ ᠨᠡᠪᠲᠡᠷᠡᠯᠴᠡᠬᠦ ᠪᠠ ᠰᠣᠩᠭᠤᠬᠤ ᠲᠠᠪᠴᠠᠩ ᠪᠠᠶᠢᠭᠤᠯᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ | ᠲᠢᠶᠠᠨ ᠢᠦᠢ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ᠠᠴᠠ ᠭᠤᠣᠯᠯᠠᠨ ᠡᠷᠭᠢᠯᠡᠵᠦ᠂ | ᠰᠠᠶᠢᠬᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠬᠠᠮᠵᠢᠨ ᠡᠷᠭᠢᠯᠡᠭᠰᠡᠨ ︽ᠭᠤᠣᠯᠲᠤ ᠪᠣᠷᠣ ᠶᠢ | ᠦᠨᠳᠦᠰᠦᠯᠡᠭᠦᠯᠬᠦ ᠬᠠᠳᠬᠤᠬᠤ︾ ᠲᠥᠯᠥᠪᠯᠡᠭᠡ ᠶᠢᠨ ᠮᠣᠶᠢᠯ ᠬᠤᠲᠠ ᠶᠢᠨ ᠲᠤᠰᠬᠠᠢ ᠠᠵᠢᠯᠲᠠᠨ ᠡᠯᠰᠡᠬᠦ ᠴᠤᠭᠯᠠᠭᠠᠨ ᠢ ᠮᠠᠨ ᠤ ᠬᠤᠲᠠ ᠳᠤ ᠶᠠᠪᠤᠭᠳᠠᠬᠤ ᠪᠠᠷ | ᠪᠣᠶ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 110 ᠠᠵᠤ ᠠᠬᠤᠶᠢᠯᠠᠯ ᠣᠷᠣᠯᠴᠠᠨ᠂ 724 ᠠᠵᠢᠯ ᠤᠨ | ᠪᠠᠶᠢᠷᠢ ᠳᠤ ᠠᠵᠢᠯᠲᠠᠨ ᠡᠯᠰᠡᠵᠦ᠂ 5158 ᠠᠵᠢᠯ ᠤᠨ ᠪᠠᠶᠢᠷᠢ ᠬᠠᠩᠭᠠᠨ᠎ᠠ᠃ 4 ᠳ᠋ᠦ᠋ᠭᠡᠷ ᠰᠠᠷ᠎ᠠ ᠶᠢᠨ 15 ᠤ ᠡᠳᠦᠷ ᠤᠨ 10 ᠴᠠᠭ ᠠᠴᠠ 17 ᠴᠠᠭ | ᠪᠣᠯᠲᠠᠯ᠎ᠠ ᠠᠬᠤᠢ ᠲᠠᠯᠠᠪᠠᠢ ᠶᠢᠨ ᠠᠵᠢᠯᠲᠠᠨ ᠡᠯᠰᠡᠬᠦ ᠴᠤᠭᠯᠠᠭᠠᠨ ᠥᠷᠨᠢᠭᠦᠯᠵᠦ᠂ ᠠᠵᠢᠯ ᠡᠷᠢᠭᠰᠡᠳ ᠤᠨ ᠨᠢᠭᠤᠷᠲᠠᠨ ᠰᠢᠯᠭᠠᠯᠲᠠ ᠳᠤ ᠣᠷᠣᠯᠴᠠᠪᠠᠯ ᠪᠡᠯᠡᠭ | ᠬᠦᠷᠭᠡᠬᠦ ᠭᠤᠭᠴᠤᠭ᠎ᠠ ᠨᠡᠮᠡᠬᠦ ᠶᠢᠨ ᠬᠠᠮᠲᠤ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠩᠭᠠᠬᠤ ᠠᠵᠢᠯᠯᠠᠭ᠎ᠠ ᠥᠷᠨᠢᠭᠦᠯᠦᠨ᠎ᠡ᠃ ᠣᠶᠢᠯᠠᠭᠠᠭᠰᠠᠨ ᠢᠶᠠᠷ᠂ | ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠠᠵᠢᠯᠯᠠᠭ᠎ᠠ 4 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ ᠦᠷᠭᠦᠯᠵᠢᠯᠡᠨ᠎ᠡ᠃ |