ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠶᠡᠭᠡ ᠪᠠᠷ ᠠᠬᠢᠭᠤᠯᠪᠠ
ᠨᠡᠶᠢᠲᠡᠯᠡᠭᠰᠡᠨ ᠴᠠᠭ᠄
2023/4/14
4.14和林格尔县市场监督管理局大力推进文明城市创建1.jpg
4.14和林格尔县市场监督管理局大力推进文明城市创建2.jpg
      ᠤᠢᠢᠷ᠎ᠠ ᠶᠢᠨ ᠡᠳᠦᠷ ᠤᠳ ᠲᠤ᠂ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠪᠠᠰᠤᠨ ᠬᠤᠳᠠ ᠶᠢᠨ ᠲᠤᠬᠠᠢ ᠶᠢᠨ ᠭᠠᠵᠠᠷ ᠤᠨ ᠰᠢᠯᠭᠠᠨ ᠦᠨᠡᠯᠡᠬᠦ ᠴᠡᠭ ᠪᠠᠶᠢᠷᠢ ᠶᠢᠨ ᠲᠦᠷᠦᠭᠦᠯᠡᠨ ᠬᠢᠬᠦ ᠨᠢᠭᠡᠴᠡ ᠵᠢᠴᠢ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ ᠬᠠᠷᠢᠭᠤᠴᠠᠯᠭ᠎ᠠ ᠶᠢ ᠯᠠᠪᠳᠠᠭᠤᠨ ᠪᠠᠲᠤᠲᠠᠢ ᠭᠦᠢᠴᠡᠳᠬᠡᠵᠦ᠂ ᠳᠤᠲᠠᠭᠤᠳᠠᠯ ᠢ ᠨᠥᠬᠦᠪᠥᠷᠢᠯᠡᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂  ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠳᠡ ᠦᠭᠡᠢ ᠠᠬᠢᠭᠤᠯᠵᠠᠢ᠃      ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠷᠢᠨᠭᠡᠷ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠶᠡᠭᠡ ᠠᠩᠬᠢ ᠲᠠᠢ ᠬᠠᠮᠲᠤᠷᠠᠨ ᠸᠢᠺᠲ᠋ᠤᠷᠢ ᠬᠡᠳᠦ ᠳᠡᠯᠭᠡᠭᠦᠷ ᠤᠨ ᠡᠷᠬᠢᠨ ᠲᠣᠭᠤᠷᠢᠨ ᠢ ᠪᠦᠬᠦ ᠲᠠᠯ᠎ᠠ ᠪᠠᠷ ᠡᠮᠬᠢᠯᠡᠵᠦ᠂ ᠵᠣᠬᠢᠰᠲᠠᠢ ᠭᠠᠵᠠᠷ ᠲᠤ ᠲᠡᠷᠭᠡ ᠵᠣᠭᠰᠣᠬᠤ ᠡᠬᠢ ᠪᠠᠶᠠᠯᠢᠭ ᠢ ᠰᠢᠯᠢᠳᠡᠭᠵᠢᠭᠦᠯᠵᠦ᠂ ᠲᠡᠷᠭᠡ ᠵᠣᠭᠰᠣᠬᠤ ᠪᠠᠶᠢᠷᠢ ᠶᠢ ᠵᠣᠬᠢᠴᠠᠭᠤᠯᠤᠨ ᠲᠥᠯᠥᠪᠵᠢᠭᠦᠯᠪᠡ︔ ᠨᠡᠶᠢᠭᠡᠮ ᠲᠣᠭᠤᠷᠢᠭ ᠲᠠᠢ ᠬᠠᠮᠵᠢᠯᠴᠠᠨ᠂ ᠲᠡᠷᠭᠡᠨ ᠰᠠᠷᠠᠪᠴᠢ ᠵᠢᠴᠢ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠪᠠᠶᠢᠭᠤᠯᠬᠤ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ ᠰᠠᠭᠤᠭᠠᠯᠢ ᠠᠷᠠᠳ ᠤᠨ ᠡᠳᠦᠷ ᠲᠤᠳᠤᠮ ᠤᠨ ᠠᠮᠢᠳᠤᠷᠠᠯ ᠳᠤ ᠲᠦᠬᠦᠮ ᠦᠵᠡᠭᠦᠯᠦᠭᠰᠡᠨ ᠮᠥᠷᠲᠡᠭᠡᠨ ᠪᠠᠰᠠ ᠬᠤᠪᠢ ᠪᠠᠷ ᠢᠶᠠᠨ ᠴᠠᠬᠢᠯᠭᠠᠨ ᠤᠲᠠᠰᠤ ᠲᠠᠲᠠᠬᠤ ᠠᠵᠢᠯᠯᠠᠭ᠎ᠠ ᠠᠴᠠ ᠪᠣᠯᠤᠭᠰᠠᠨ ᠲᠠᠯᠳᠠ ᠭᠡᠮ ᠢ ᠡᠬᠢ ᠡᠭᠦᠰᠦᠯ ᠠᠴᠠ ᠨᠢ ᠪᠠᠭᠠᠰᠬᠠᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃      ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠰᠠ ᠬᠤᠳᠠ ᠪᠠᠶᠢᠭᠤᠯᠬᠤ ᠠᠯᠪᠠᠨ ᠭᠡᠷ ᠤᠨ ᠠᠵᠢᠯᠳᠠᠨ ᠢ ᠤᠷᠢᠵᠤ ᠵᠧ ᠵᠢᠶᠠ ᠳ᠋ᠦ᠋ ᠬᠡᠳᠦ ᠳᠡᠯᠭᠡᠭᠦᠷ᠂ ᠲᠢᠶᠠᠨ ᠢ ᠵᠢᠶᠠ ᠶᠤᠸᠠᠨ ᠵᠡᠷᠭᠡ ᠭᠠᠵᠠᠷ ᠢ ᠲᠤᠬᠠᠢ ᠶᠢᠨ ᠭᠠᠵᠠᠷ ᠲᠤᠨᠢ ᠵᠢᠭᠠᠨ ᠵᠢᠯᠣᠭᠤᠳᠴᠤ᠂ ᠨᠢᠭᠡ ᠵᠠᠮ ᠢᠶᠠᠷ ᠶᠠᠪᠤᠬᠤ᠂ ᠨᠢᠭᠡ ᠵᠠᠮ ᠢᠶᠠᠷ ᠦᠵᠡᠬᠦ᠂ ᠨᠢᠭᠡ ᠵᠠᠮ ᠢᠶᠠᠷ ᠦᠨᠡᠯᠡᠬᠦ ᠪᠠᠷ ᠳᠠᠮᠵᠢᠭᠤᠯᠵᠤ᠂ ᠣᠳᠣᠬᠠᠨ ᠳᠤ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠵᠦᠷᠢᠶ᠎ᠡ ᠶᠢ ︽ᠰᠤᠳᠠᠯ ᠪᠠᠷᠢᠵᠤ ᠬᠠᠮᠲᠤᠷᠠᠨ ᠣᠨᠣᠰᠢᠯᠠᠵᠤ︾᠂ ᠨᠠᠷᠢᠨ ᠨᠢᠮᠪᠠᠢ ᠰᠠᠨᠠᠯ ᠪᠠ ᠰᠠᠨᠠᠭᠤᠯᠭ᠎ᠠ ᠪᠠᠷ ︽ᠰᠠᠶᠢᠨ ᠵᠣᠷ ᠭᠠᠷᠭᠠᠵᠤ ᠥᠭᠴᠡᠢ︾᠃      ᠵᠠᠯᠭᠠᠭᠠᠳ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠰᠢᠯᠭᠠᠨ ᠦᠨᠡᠯᠡᠬᠦ ᠴᠡᠭ ᠤᠨ ᠬᠠᠷᠢᠭᠤᠴᠠᠯᠭ᠎ᠠ ᠶᠢᠨ ᠭᠤᠣᠯ ᠴᠣᠭᠴᠠ᠂ ᠨᠡᠶᠢᠭᠡᠮ ᠲᠣᠭᠤᠷᠢᠭ᠂ ᠡᠯ᠎ᠡ ᠠᠬ᠎ᠠ ᠳᠡᠭᠦᠦ ᠨᠢᠭᠡᠴᠡ ᠲᠠᠢ ᠬᠠᠮᠲᠤᠪᠠᠷ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠰᠢᠨ᠎ᠡ ᠪᠠᠶᠢᠷᠢᠰᠢᠯ ᠢ ᠬᠠᠮᠲᠤᠪᠠᠷ ᠴᠣᠭᠴᠠᠯᠠᠨ ᠪᠠᠶᠢᠭᠤᠯᠬᠤ ᠪᠣᠯᠤᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ