ᠬᠤᠷᠢᠨᠭᠡᠷ ᠰᠢᠶᠠᠨ ︽4.15 ᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/17
4.17和林格尔县开展“4•15国家安全教育日”宣传活动.jpg
      2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ 4 ᠰᠠᠷ᠎ᠠ ᠶᠢᠨ 15 ᠤ ᠡᠳᠦᠷ ᠪᠣᠯ ᠨᠠᠢᠮᠠᠳᠤᠭᠠᠷ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠮᠥᠨ᠂ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ ᠪᠣᠯᠪᠠᠰᠤᠷᠠᠯ ᠢ ᠴᠢᠩᠭᠠᠳᠬᠠᠨ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠨᠡᠶᠢᠭᠡᠮ ᠤᠨ ᠰᠠᠭᠤᠷᠢ ᠶᠢ ᠪᠠᠲᠤᠳᠬᠠᠬᠤ ᠶᠢᠨ ᠲᠤᠰᠠᠳᠠ᠂ ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠪᠦᠷᠢᠯᠳᠦᠭᠦᠨ ᠨᠢᠭᠡᠴᠡ ᠠᠴᠠ ︽4.15 ᠶᠢᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠥᠷᠨᠢᠭᠦᠯᠪᠡ᠃      4 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠢᠨ ᠢᠳᠡᠪᠬᠢᠲᠡᠢ ᠪᠠᠷ ᠠᠵᠢᠯᠲᠠᠳ ᠢᠶᠠᠨ ᠵᠣᠬᠢᠶᠠᠨ ᠪᠠᠶᠢᠭᠤᠯᠵᠤ ᠱᠧᠩ ᠯᠧ ᠲᠠᠯᠠᠪᠠᠶ ᠳᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠬᠥᠨᠳᠡᠯᠡᠨ ᠪᠢᠴᠢᠭᠡᠰᠦ ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠶᠢᠨ ᠤᠬᠠᠭᠤᠯᠭ᠎ᠠ᠂ ᠮᠠᠲ᠋ᠧᠷᠢᠶᠠᠯ ᠲᠠᠷᠬᠠᠭᠠᠬᠤ ᠪᠠ ᠦᠢᠯᠡᠴᠢᠯᠡᠭᠡᠨ ᠤ ᠯᠠᠪᠯᠠᠯᠭ᠎ᠠ ᠶᠢᠨ ᠴᠡᠭ ᠭᠠᠷᠭᠠᠬᠤ᠂ ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠵᠡᠷᠭᠡ ᠤᠯᠠᠨ ᠵᠦᠢᠯ ᠤᠨ ᠬᠡᠯᠪᠡᠷᠢ ᠪᠠᠷ ᠤᠯᠠᠨ ᠲᠦᠮᠡᠨ ᠳᠤ ᠤᠯᠤᠰ ᠤᠨ ᠠᠮᠢ ᠠᠬᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠤ ᠤᠬᠠᠭᠤᠯᠭ᠎ᠠ ᠶᠢ ᠬᠢᠬᠦ ᠶᠢᠨ ᠬᠠᠮᠲᠤ ᠲᠣᠭᠤᠷᠢᠨ ᠦᠵᠡᠵᠦ ᠳᠡᠯᠭᠡᠨ ᠦᠵᠡᠭᠦᠯᠳᠡᠭ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠨᠠᠷᠢᠨ ᠨᠢᠮᠪᠠᠢ ᠵᠣᠬᠢᠶᠠᠭᠰᠠᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢᠨ ᠨᠤᠭᠤᠯᠤᠭᠠᠰᠤ ᠶᠢ ᠲᠠᠷᠬᠠᠭᠠᠵᠠᠢ᠃ ᠵᠣᠬᠢᠶᠠᠨ ᠪᠠᠶᠢᠭᠤᠯᠬᠤ ᠠᠵᠢᠯᠯᠠᠭ᠎ᠠ ᠳᠤ ᠣᠷᠣᠯᠴᠠᠭᠰᠠᠨ ᠠᠵᠢᠯᠲᠠᠨ ᠢᠯᠡᠷᠬᠡᠶᠢᠯᠡᠬᠦ ᠳᠡᠭᠡᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠣᠯ ᠮᠠᠨ ᠤ ᠬᠥᠮᠥᠨ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠ ᠡᠭᠦᠷᠭᠡ ᠮᠥᠨ᠂ ᠠᠯᠪᠠᠨ ᠬᠠᠭᠠᠭᠴᠢ ᠪᠣᠯᠤᠭᠰᠠᠨ ᠤ ᠬᠤᠪᠢ ᠳᠤ᠂ ᠪᠢᠳᠡ ᠡᠨᠡ ᠬᠦ ᠴᠢᠬᠤᠯᠠ ᠪᠠᠶᠠᠷ ᠤᠨ ᠡᠳᠦᠷ ᠲᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠵᠤ᠂ ᠨᠠᠩ ᠣᠯᠠᠨ ᠬᠥᠮᠥᠨ ᠢ ᠬᠠᠪᠰᠤᠷᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠣᠶᠢᠯᠠᠭᠠᠭᠤᠯᠬᠤ ᠴᠢᠬᠤᠯᠠᠲᠠᠢ ᠶᠤᠮ ᠭᠡᠵᠡᠢ᠃      ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 500 ᠭᠠᠷᠤᠢ ᠬᠤᠪᠢ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ 1000 ᠭᠠᠷᠤᠢ ᠤᠬᠠᠭᠤᠯᠭ᠎ᠠ ᠶᠢᠨ ᠵᠠᠷᠯᠠᠯ ᠲᠠᠷᠬᠠᠭᠠᠵᠠᠢ᠃ ᠵᠠᠯᠭᠠᠭᠠᠳ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠬᠤᠭᠤᠴᠠᠭᠠᠨ ᠳᠤ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠤᠨ ᠪᠦᠷᠢᠯᠳᠦᠭᠦᠨ ᠨᠢᠭᠡᠴᠡ ᠪᠠᠰᠠ ᠨᠠᠮ ᠵᠠᠰᠠᠭ ᠤᠨ ᠪᠠᠶᠢᠭᠤᠯᠭ᠎ᠠ ᠶᠢᠨ ᠺᠠᠳ᠋ᠷᠴᠤᠳ ᠢ ᠵᠣᠬᠢᠶᠠᠨ ᠪᠠᠶᠢᠭᠤᠯᠤᠨ ᠰᠤᠷᠤᠯᠴᠠᠯᠭ᠎ᠠ ᠳᠤ ᠣᠷᠣᠯᠴᠠᠭᠤᠯᠵᠤ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ ᠠᠵᠢᠯᠯᠠᠭ᠎ᠠ ᠶᠢ ᠠᠬᠢᠭᠤᠯᠵᠤ᠂ ᠤᠯᠠᠨ ᠵᠦᠢᠯ ᠤᠨ ᠬᠡᠯᠪᠡᠷᠢ ᠪᠠᠷ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠶᠢᠨ ᠮᠡᠳᠡᠯᠭᠡ ᠶᠢ ᠪᠦᠬᠦ ᠲᠠᠯ᠎ᠠ ᠪᠠᠷ ᠤᠬᠠᠭᠤᠯᠵᠤ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠬᠤ ᠪᠣᠯᠣᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ