ᠮᠠᠨ ᠤ ᠬᠤᠲᠠ ᠶᠢᠨ ᠣᠯᠠᠨ ᠰᠠᠯᠠᠭ᠎ᠠ ᠮᠥᠴᠢᠷ ᠬᠠᠮᠲᠤᠷᠠᠨ ᠦᠨ᠎ᠡ ᠬᠠᠶᠠᠯᠴᠠᠵᠤ ᠬᠤᠳᠠᠯᠳᠤᠬᠤ᠂ ᠬᠡᠭᠡᠷ᠎ᠡ ᠶᠢᠨ ᠠᠮᠢᠲᠠᠨ ᠵᠢᠴᠢ ᠲᠡᠭᠦᠨ ᠤ ᠪᠦᠲᠦᠭᠡᠭᠳᠡᠬᠦᠨ ᠵᠡᠷᠭᠡ ᠬᠦᠷᠢᠶ᠎ᠡ ᠴᠠᠷᠠᠭ᠎ᠠ ᠶᠢᠨ ᠵᠠᠬ᠎ᠠ ᠳᠡᠯᠭᠡᠭᠦᠷ ᠢ ᠪᠠᠶᠢᠴᠠᠭᠠᠪᠠ
ᠨᠡᠶᠢᠲᠡᠯᠡᠭᠰᠡᠨ ᠴᠠᠭ᠄
2023/4/19
      ︵ᠰᠤᠷᠪᠤᠯᠵᠢᠯᠠᠭᠴᠢ ᠴᠢ ᠰᠢᠶᠣᠣ ᠶᠠᠨ︶ ᠣᠶᠢᠷ᠎ᠠ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠲᠠᠢ ᠬᠠᠮᠲᠤᠷᠠᠨ ᠦᠨ᠎ᠡ ᠬᠠᠶᠠᠯᠴᠠᠵᠤ ᠬᠤᠳᠠᠯᠳᠤᠬᠤ᠂ ᠬᠡᠭᠡᠷ᠎ᠡ ᠶᠢᠨ ᠠᠮᠢᠲᠠᠨ ᠵᠢᠴᠢ ᠲᠡᠭᠦᠨ ᠤ ᠪᠦᠲᠦᠭᠡᠭᠳᠡᠬᠦᠨ ᠵᠡᠷᠭᠡ ᠴᠢᠬᠤᠯᠠ ᠬᠦᠷᠢᠶᠡᠨ ᠳᠠᠬᠢ ᠵᠠᠬ᠎ᠠ ᠳᠡᠯᠭᠡᠭᠦᠷ ᠤᠨ ᠵᠢᠷᠤᠮᠵᠢᠭᠰᠠᠨ ᠬᠠᠮᠢᠶᠠᠷᠤᠯᠲᠠ ᠶᠢ ᠰᠠᠯᠠᠭ᠎ᠠ ᠮᠥᠴᠢᠷ ᠠᠯᠤᠰᠯᠠᠨ ︽ᠬᠤᠶᠠᠷ ᠢ ᠰᠤᠭᠤᠴᠢᠨ᠂ ᠨᠢᠭᠡ ᠶᠢ ᠢᠯᠡ ᠪᠣᠯᠭᠠᠬᠤ︾ ᠬᠠᠮᠲᠤᠷᠠᠭᠰᠠᠨ ᠪᠠᠶᠢᠴᠠᠭᠠᠯᠲᠠ ᠥᠷᠨᠢᠭᠦᠯᠪᠡ᠃      ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠳᠤ ᠦᠷ᠎ᠡ ᠪᠦᠲᠦᠮᠵᠢ ᠣᠯᠬᠤ ᠶᠢᠨ ᠲᠥᠯᠥᠭᠡ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠣᠰ ᠲᠣᠰ ᠲᠤᠨᠢ ᠰᠤᠭᠤᠴᠢᠨ ᠪᠠᠶᠢᠴᠠᠭᠠᠬᠤ ᠲᠥᠯᠥᠪᠯᠡᠭᠡ ᠲᠣᠭᠲᠠᠭᠠᠵᠠᠢ᠃ ᠦᠨ᠎ᠡ ᠬᠠᠶᠠᠯᠴᠠᠵᠤ ᠬᠤᠳᠠᠯᠳᠤᠬᠤ᠂ ᠡᠷᠲᠡᠨ ᠤ ᠡᠳ᠋᠂ ᠬᠤᠸᠠᠷ ᠴᠡᠴᠡᠭ ᠰᠢᠪᠠᠭᠤ ᠵᠡᠷᠭᠡ ᠲᠠᠯᠠᠪᠤᠷ ᠭᠠᠵᠠᠷ ᠤᠨ ᠣᠯᠠᠨ ᠡᠵᠡᠩᠨᠡᠯᠲᠡ ᠶᠢᠨ ᠡᠷᠦᠬᠡ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠦ᠂ ᠦᠨ᠎ᠡ ᠬᠠᠶᠠᠯᠴᠠᠵᠤ ᠬᠤᠳᠠᠯᠳᠤᠬᠤ ᠠᠵᠤ ᠠᠬᠤᠶᠢᠯᠠᠯ ᠤᠨ ᠭᠤᠣᠯ ᠴᠣᠭᠴᠠ ᠶᠢᠨ ᠬᠢᠷᠢ ᠬᠡᠮ᠂ ᠦᠨ᠎ᠡ ᠬᠠᠶᠠᠵᠤ ᠬᠤᠳᠠᠯᠳᠤᠭᠴᠢ ᠶᠢᠨ ᠦᠨᠡᠮᠯᠡᠯ ᠣᠯᠣᠭᠰᠠᠨ ᠪᠠᠶᠢᠳᠠᠯ᠂ ᠦᠨ᠎ᠡ ᠬᠠᠶᠠᠯᠴᠠᠵᠤ ᠬᠤᠳᠠᠯᠳᠤᠬᠤ ᠲᠠᠰ ᠳᠠᠷᠠᠭᠠᠯᠠᠯ ᠤᠨ ᠬᠠᠤᠯᠢ ᠶᠣᠰᠣᠴᠢ ᠴᠢᠨᠠᠷ ᠪᠠ ᠦᠨ᠎ᠡ ᠬᠠᠶᠠᠯᠴᠠᠵᠤ ᠬᠤᠳᠠᠯᠳᠤᠬᠤ ᠲᠠᠩᠰᠠ ᠡᠪᠬᠡᠮᠡᠯ ᠤᠨ ᠵᠢᠷᠤᠮᠵᠢᠯ ᠤᠨ ᠴᠢᠨᠠᠷ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠨᠢᠭᠡᠳ ᠨᠢᠭᠡ ᠪᠠᠷ ᠪᠠᠶᠢᠴᠠᠭᠠᠵᠤ᠂ ᠬᠠᠤᠯᠢ ᠠᠴᠠ ᠵᠥᠷᠢᠴᠡᠨ ᠦᠨ᠎ᠡ ᠬᠠᠶᠠᠯᠴᠠᠵᠤ ᠬᠤᠳᠠᠯᠳᠤᠬᠤ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠪᠠ᠃ ᠡᠭᠦᠨ ᠠᠴᠠ ᠭᠠᠳᠠᠨ᠎ᠠ᠂ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠶᠡᠭᠡ ᠵᠤᠤ ᠶᠢᠨ ᠡᠷᠬᠢᠨ ᠲᠣᠭᠤᠷᠢᠨ ᠤ ᠬᠡᠰᠡᠭ ᠡᠷᠲᠡᠨ ᠤ ᠡᠳ᠋ ᠤᠨ ᠳᠡᠯᠭᠡᠭᠦᠷ ᠵᠢᠴᠢ ᠬᠤᠲᠣᠩ ᠠᠷᠠᠳ ᠤᠨ ᠲᠣᠭᠤᠷᠢᠭ ᠤᠨ ᠨᠢᠦ ᠵᠢᠶᠧ ᠵᠡᠭᠡᠯᠢ ᠶᠢᠨ ᠬᠡᠰᠡᠭ ᠡᠩᠬᠦᠷᠡᠢ ᠠᠮᠢᠲᠠᠨ ᠤ ᠳᠡᠯᠭᠡᠭᠦᠷ᠂ ᠤᠰᠤᠨ ᠠᠮᠢᠲᠠᠨ ᠤ ᠬᠤᠳᠠᠯᠳᠤᠭ᠎ᠠ ᠳᠤ ᠪᠠᠶᠢᠴᠠᠭᠠᠯᠲᠠ ᠬᠢᠵᠦ᠂ ᠬᠡᠭᠡᠷ᠎ᠡ ᠶᠢᠨ ᠠᠮᠢᠲᠠᠨ ᠵᠢᠴᠢ ᠲᠡᠭᠦᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ ᠬᠤᠳᠠᠯᠳᠤᠭᠰᠠᠨ᠂ ᠠᠰᠢᠭᠯᠠᠭᠰᠠᠨ᠂ ᠢᠳᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ