ᠮᠠᠨ ᠤ ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ︽ᠬᠦᠷᠢᠶᠡᠯᠡᠩ ᠲᠣᠭᠤᠷᠢᠭ ᠲᠤ ᠣᠷᠣᠭᠤᠯᠵᠤ ᠠᠵᠤ ᠠᠬᠤᠶᠢᠯᠠᠯ ᠳᠤ ᠬᠦᠷᠭᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/19
      ︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠯᠢᠦ ᠵᠧ︶ ᠰᠢᠨ᠎ᠡ ᠶᠢ ᠡᠭᠦᠳᠬᠦ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠣᠳᠣᠯᠭ᠎ᠠ ᠶᠢᠨ ᠭᠦᠨᠵᠡᠭᠡᠢ ᠣᠶᠢᠯᠠᠭᠠᠯᠲᠠ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠰᠢᠨ᠎ᠡ ᠶᠢ ᠡᠭᠦᠳᠬᠦ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ︽ᠬᠦᠷᠢᠶᠡᠯᠡᠩ ᠲᠣᠭᠤᠷᠢᠭ ᠲᠤ ᠣᠷᠣᠭᠤᠯᠵᠤ ᠠᠵᠤ ᠠᠬᠤᠶᠢᠯᠠᠯ ᠳᠤ ᠬᠦᠷᠭᠡᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠣᠷᠣᠵᠤ ᠰᠠᠭᠤᠭᠰᠠᠨ ᠠᠵᠤ ᠠᠬᠤᠶᠢᠯᠠᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠦ ᠶᠢᠨ ᠪᠣᠳᠣᠯᠭ᠎ᠠ᠂ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠭᠤᠷᠪᠠᠨ ᠶᠡᠭᠡ ᠬᠡᠰᠡᠭ ᠤᠨ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠵᠤ ᠠᠬᠤᠶᠢᠯᠠᠯ ᠤᠨ 40 ᠭᠠᠷᠤᠢ ᠲᠥᠯᠥᠭᠡᠯᠡᠭᠴᠢ ᠣᠷᠣᠯᠴᠠᠪᠠ᠃      ᠣᠶᠢᠷ᠎ᠠ ᠶᠢᠨ ᠵᠢᠯ ᠤᠨ ᠲᠤᠷᠰᠢ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠦᠷᠦ ᠶᠢᠨ ᠪᠣᠳᠣᠯᠭ᠎ᠠ ᠪᠠᠷ ᠰᠢᠨ᠎ᠡ ᠶᠢ ᠡᠭᠦᠳᠬᠦ ᠶᠢ ᠲᠡᠳᠬᠦᠬᠦ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠬᠥᠭᠵᠢᠯᠲᠡ ᠶᠢ ᠣᠨᠣᠪᠴᠢᠲᠠᠢ ᠲᠡᠳᠬᠦᠵᠦ᠂ 2021 ᠣᠨ ᠳᠤ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠠᠬᠢᠭᠤᠯᠵᠤ ᠣᠷᠣᠨ ᠪᠦᠰᠡ ᠶᠢᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠢ ᠬᠡᠷᠡᠭᠵᠢᠭᠦᠯᠦᠭᠰᠡᠨ ᠠᠴᠠ ᠨᠠᠰᠢ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠦᠬᠦ ᠬᠤᠳᠠ ᠶᠢᠨ 618 ᠰᠢᠨ᠎ᠡ ᠶᠢ ᠡᠭᠦᠳᠦᠭᠰᠡᠨ ᠵᠦᠢᠯᠡᠰ ᠲᠤ ᠨᠡᠶᠢᠳᠡ 5708 ᠲᠦᠮᠡᠨ ᠲᠥᠭᠦᠷᠢᠭ ᠤᠨ ᠲᠦᠷᠦ ᠶᠢᠨ ᠪᠣᠳᠣᠯᠭ᠎ᠠ ᠶᠢᠨ ᠪᠡᠯᠡ ᠮᠥᠩᠭᠦ ᠶᠢ ᠪᠡᠯᠡᠨ ᠣᠯᠭᠤᠵᠠᠢ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠦᠷᠭᠦᠯᠵᠢᠯᠡᠨ ᠠᠵᠤ ᠠᠬᠤᠶᠢᠯᠠᠯ ᠳᠤ ᠭᠦᠨᠵᠡᠭᠡᠶᠢᠷᠡᠵᠦ᠂ ᠲᠥᠷᠥ ᠶᠢᠨ ᠪᠣᠳᠣᠯᠭ᠎ᠠ ᠶᠢ ᠡᠭᠦᠳᠡᠨ  ᠳᠤᠨᠢ ᠬᠦᠷᠭᠡᠵᠦ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠬᠥᠭᠵᠢᠯᠲᠡ ᠶᠢ ᠠᠬᠢᠭᠤᠯᠵᠤ᠂ ᠨᠠᠩ ᠨᠠᠷᠢᠯᠢᠭ ᠣᠨᠣᠴᠠᠲᠠᠢ ᠦᠢᠯᠡᠴᠢᠯᠡᠭᠡ ᠬᠠᠩᠭᠠᠵᠤ᠂ ᠲᠥᠷᠥ ᠶᠢᠨ ᠪᠣᠳᠣᠯᠭ᠎ᠠ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠬᠥᠭᠵᠢᠯᠲᠡ ᠳᠤ ᠡᠨᠧᠷᠭᠢ ᠣᠯᠭᠤᠵᠤ᠂ ᠦᠢᠯᠡᠴᠢᠯᠡᠭᠡ ᠪᠠᠷ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ