ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠰᠢᠶᠠᠨ ᠢ ᠵᠠᠰᠠᠬᠤ ᠠᠯᠪᠠᠨ ᠭᠡᠷ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ︽ᠬᠠᠤᠯᠢ ᠶᠢ ᠠᠵᠤ ᠠᠬᠤᠶᠢᠯᠠᠯ ᠳᠤ ᠬᠦᠷᠭᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/20
      ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠤᠯᠠᠮ ᠴᠢᠨᠠᠭᠰᠢᠳᠠ ᠰᠢᠯᠢᠳᠡᠭᠵᠢᠭᠦᠯᠬᠦ ᠶᠢᠨ ᠲᠤᠰᠠᠳᠠ᠂ 4 ᠰᠠᠷ᠎ᠠ ᠶᠢᠨ 18  ᠤ ᠡᠳᠦᠷ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠶᠣᠰᠣᠭᠠᠷ ᠰᠢᠶᠠᠨ ᠢ ᠵᠠᠰᠠᠬᠤ ᠵᠥᠪᠯᠡᠯ ᠤᠨ ᠠᠯᠪᠠᠨ ᠭᠡᠷ ᠬᠤᠷᠢᠨᠭᠡᠷ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠲᠠᠰᠤᠭ ᠲᠠᠢ ᠬᠠᠮᠲᠤᠷᠠᠨ ᠥᠪᠥᠷ ᠮᠣᠩᠭᠤᠯ ᠤᠨ ᠢᠦᠢ ᠬᠠᠩ ᠷᠧᠨ ᠳᠡᠭᠡᠳᠦ ᠮᠡᠷᠭᠡᠵᠢᠯ ᠤᠨ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ ᠬᠠᠤᠯᠢ ᠴᠠᠭᠠᠵᠠ ᠶᠢ ᠠᠵᠤ ᠠᠬᠤᠶᠢᠯᠠᠯ ᠳᠤ ᠬᠦᠷᠭᠡᠬᠦ ᠠᠵᠢᠯᠯᠠᠭ᠎ᠠ ᠥᠷᠨᠢᠭᠦᠯᠪᠡ᠃      ᠬᠠᠤᠯᠢ ᠲᠦᠭᠡᠮᠡᠯᠵᠢᠭᠦᠯᠬᠦ ᠠᠵᠢᠯᠲᠠᠳ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠣᠨᠴᠠᠯᠢᠭ ᠲᠠᠢ ᠪᠠᠨ ᠤᠶᠠᠯᠳᠤᠭᠤᠯᠵᠤ᠂ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠲᠦᠭᠵᠢᠷᠡᠯ᠂ ᠬᠦᠴᠢᠷᠳᠡᠯ᠂ ᠬᠠᠤᠯᠢ ᠴᠠᠭᠠᠵᠠ ᠶᠢᠨ ᠲᠦᠭᠰᠢᠭᠦᠷᠢ ᠶᠢᠨ ᠴᠡᠭ ᠲᠤ ᠴᠢᠭᠯᠡᠭᠦᠯᠦᠨ ᠡᠯ᠎ᠡ ᠲᠦᠷᠦᠯ ᠤᠨ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠵᠤ᠂ ᠠᠵᠤ ᠠᠬᠤᠶᠢᠯᠠᠯ ᠤᠨ ᠠᠵᠢᠯᠲᠠᠳ ᠲᠤ ︽ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠡᠭᠦᠳᠦᠨ ᠪᠠᠶᠢᠭᠤᠯᠬᠤ ᠬᠠᠤᠯᠢ ᠴᠠᠭᠠᠵᠠ ᠶᠢᠨ ᠮᠡᠳᠡᠯᠭᠡ ᠶᠢᠨ ᠡᠮᠬᠢᠳᠬᠡᠯ︾᠂ ︽ᠢᠷᠭᠡᠨ ᠤ ᠬᠠᠤᠯᠢ︾᠂ ︽ᠠᠶᠤᠯᠭᠦᠢ ᠦᠢᠯᠡᠳᠪᠦᠷᠢᠯᠡᠯ ᠤᠨ ᠬᠠᠤᠯᠢ︾ ᠵᠡᠷᠭᠡ ᠡᠯ᠎ᠡ ᠲᠦᠷᠦᠯ ᠤᠨ ᠨᠣᠮ ᠪᠢᠴᠢᠭ ᠢ ᠲᠠᠷᠬᠠᠭᠠᠵᠤ᠂ ᠠᠵᠤ ᠠᠬᠤᠶᠢᠯᠠᠯ ᠤᠨ ᠬᠠᠤᠯᠢ ᠶᠣᠰᠣᠭᠠᠷ ᠡᠵᠡᠩᠨᠡᠵᠦ᠂ ᠬᠠᠤᠯᠢ ᠶᠣᠰᠣᠭᠠᠷ ᠬᠠᠮᠢᠶᠠᠷᠴᠤ᠂ ᠬᠠᠤᠯᠢ ᠶᠣᠰᠣᠭᠠᠷ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠣᠷᠣᠯᠴᠠᠵᠤ᠂ ᠬᠠᠤᠯᠢ ᠶᠣᠰᠣᠭᠠᠷ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠤᠷᠢᠶᠠᠯᠠᠪᠠ᠃      ᠲᠣᠰ ᠤᠳᠠᠭᠠᠨ ᠤ ︽ᠬᠠᠤᠯᠢ ᠶᠢ ᠠᠵᠤ ᠠᠬᠤᠶᠢᠯᠠᠯ ᠳᠤ ᠬᠦᠷᠭᠡᠬᠦ︾ ᠬᠠᠤᠯᠢ ᠪᠠᠷ ᠵᠠᠰᠠᠬᠤ ᠠᠵᠢᠯᠯᠠᠭ᠎ᠠ ᠨᠢ ᠠᠵᠤ ᠠᠬᠤᠶᠢᠯᠠᠯ ᠢ ᠪᠦᠲᠦᠮᠵᠢᠲᠡᠢ ᠪᠠᠷ ᠬᠥᠲᠥᠯᠥᠨ ᠵᠢᠯᠤᠭᠤᠳᠴᠤ ᠬᠠᠤᠯᠢ ᠪᠠᠷ ᠵᠠᠰᠠᠬᠤ ᠤᠬᠠᠮᠰᠠᠷ ᠢ ᠨᠢ ᠲᠠᠰᠤᠷᠠᠯᠲᠠ ᠦᠭᠡᠢ ᠴᠢᠩᠭᠠᠷᠠᠭᠤᠯᠵᠤ᠂ ᠤᠯᠠᠮ ᠨᠢᠭᠡ ᠠᠯᠬᠤᠮ ᠪᠣᠶ ᠪᠣᠯᠭᠠᠨ᠎ᠠ᠃ ᠬᠠᠤᠯᠢᠵᠢᠯ ᠤᠨ ᠰᠡᠳᠬᠢᠬᠦᠢ ᠶᠢ ᠪᠠᠲᠤᠳᠬᠠᠬᠤ ᠶᠢᠨ ᠵᠡᠷᠭᠡᠪᠡᠷ ᠠᠵᠤ ᠠᠬᠤᠶᠢᠯᠠᠯ ᠤᠨ ︽ᠬᠠᠤᠯᠢᠵᠢᠯ ᠪᠣᠯ ᠬᠠᠮᠤᠭ ᠤᠨ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠮᠥᠨ︾ ᠭᠡᠬᠦ ᠣᠶᠢᠯᠠᠭᠠᠭᠳᠠᠬᠤᠨ ᠢ ᠤᠯᠠᠮ ᠴᠢᠨᠠᠭᠰᠢᠳᠠ ᠪᠤᠢ ᠪᠣᠯᠭᠠᠵᠤ᠂ ᠠᠵᠤ ᠠᠬᠤᠶᠢᠯᠠᠯ ᠤᠨ ᠬᠠᠤᠯᠢ ᠶᠣᠰᠣᠭᠠᠷ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠬᠠᠤᠯᠢᠵᠢᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠵᠥᠪᠯᠡᠯ ᠤᠨ ᠠᠯᠪᠠᠨ ᠭᠡᠷ ᠤᠨ ᠬᠢᠨ ᠤᠯᠠᠨ ᠬᠡᠯᠪᠡᠷᠢ ᠶᠢᠨ᠂ ᠡᠯᠪᠡᠭ ᠪᠠᠶᠠᠯᠢᠭ ᠠᠭᠤᠯᠭ᠎ᠠ ᠲᠠᠢ ︽ᠬᠠᠤᠯᠢ ᠶᠢ ᠠᠵᠤ ᠠᠬᠤᠶᠢᠯᠠᠯ ᠳᠤ ᠬᠦᠷᠭᠡᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠨᠠᠷᠢᠯᠢᠭ ᠣᠨᠣᠴᠠᠲᠠᠢ ᠬᠠᠤᠯᠢ ᠴᠠᠭᠠᠵᠠ ᠶᠢᠨ ᠤᠬᠠᠭᠤᠯᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠦᠷᠢᠶᠡᠨ ᠳᠠᠬᠢ ᠬᠦᠰᠡᠯ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠴᠦ᠂ ᠠᠵᠤ ᠠᠬᠤᠶᠢᠯᠠᠯ ᠢ ᠦᠨᠡᠨ ᠬᠦ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠬᠠᠤᠯᠢ ᠪᠠᠷᠢᠬᠤ ᠦᠢᠯᠡᠴᠢᠯᠡᠭᠡ ᠪᠠ ᠪᠠᠲᠤᠯᠠᠭ᠎ᠠ ᠬᠠᠩᠭᠠᠨ᠎ᠠ᠃ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ