ᠴᠢᠩ ᠱᠦᠢ ᠾᠧ ᠰᠢᠶᠠᠨ᠄ ᠬᠤᠲᠠ ᠶᠢᠨ ᠪᠦᠲᠦᠭᠡᠨ ᠪᠠᠶᠢᠭᠤᠯᠤᠯᠲᠠ ᠵᠢᠨ‌‍ᠲ᠋ᠥ᠋ᠷᠥᠯ ᠵᠦᠢᠯ ᠢ ᠰᠠᠭᠤᠵᠤ ᠬᠦᠯᠢᠶᠡᠵᠦ ᠪᠣᠯᠬᠤ ᠦᠭᠡᠢ ᠤᠳᠠᠭᠠᠷᠠᠭᠤᠯᠵᠤ ᠪᠣᠯᠬᠤ ᠦᠭᠡᠢ ᠥᠨᠳᠥᠷ ᠪᠦᠲᠦᠮᠵᠢᠲᠡᠢ ᠪᠠᠷ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/4/21
      4 ᠳ᠋ᠦ᠋ᠭᠡᠷ ᠰᠠᠷ᠎ᠠ ᠶᠢᠨ 20 ᠤ ᠡᠳᠦᠷ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠴᠧᠩ ᠭᠤᠸᠠᠨ ᠪᠠᠯᠭᠠᠰᠤᠨ ᠤ ᠪᠧᠢ ᠱᠠᠨ᠂ ᠶᠦᠩ ᠠᠨ ᠵᠡᠭᠡᠯᠢ᠂ ᠯᠧᠢ ᠬᠤ᠋ ᠫᠦᠸᠧ ᠲᠣᠰᠬᠤᠨ ᠵᠡᠷᠭᠡ ᠭᠠᠵᠠᠷ ᠲᠤ ᠬᠦᠷᠴᠦ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠬᠠᠢ ᠶᠢᠨ ᠲᠠᠯᠠᠪᠠᠶ ᠳᠤ ᠠᠯᠪᠠᠯᠠᠪᠠ᠃      ᠵᠠᠩ ᠺᠧ ᠯᠢᠩ ᠴᠢᠬᠤᠯᠠᠴᠢᠯᠠᠭᠰᠠᠨ ᠨᠢ᠂ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠴᠢᠳᠠᠪᠬᠢ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ᠂ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠬᠤᠳᠠ ᠶᠢᠨ ᠪᠦᠲᠦᠭᠡᠨ ᠪᠠᠶᠢᠭᠤᠯᠤᠯᠲᠠ ᠶᠢ ᠨᠥᠯᠥᠭᠡᠯᠡᠬᠦ ᠲᠠᠲᠠᠪᠤᠷᠢᠯᠠᠨ ᠨᠡᠭᠦᠯᠭᠡᠬᠦ ᠴᠢᠬᠤᠯᠠᠲᠠᠢ ᠬᠡᠰᠡᠭ ᠲᠤ ᠤᠯᠠᠨ ᠲᠦᠮᠡᠨ ᠤ ᠠᠵᠢᠯ ᠢ ᠬᠦᠯᠢᠴᠡᠩᠭᠦᠢ ᠪᠠᠷ ᠰᠠᠶᠢᠲᠤᠷ ᠬᠢᠵᠦ᠂ ᠨᠢᠭᠡᠳᠦᠯᠲᠡᠢ ᠲᠥᠯᠥᠪᠵᠢᠭᠦᠯᠦᠨ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠲᠦᠷᠦᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ᠂ ᠥᠨᠳᠥᠷ ᠪᠦᠲᠦᠮᠵᠢᠲᠡᠢ ᠠᠬᠢᠬᠤ ᠶᠢ ᠪᠠᠲᠤᠯᠠᠬᠤ ᠬᠡᠷᠡᠭᠲᠡᠢ ᠭᠡᠵᠡᠢ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ