ᠬᠤᠲᠠ ᠶᠢᠨ ᠡᠳ᠋ ᠤᠨ ᠵᠠᠰᠠᠭ ᠠᠴᠠ 2.4 ᠳ᠋ᠦᠩᠰᠢᠭᠤᠷ ᠲᠥᠭᠦᠷᠢᠭ ᠤᠨ ᠲᠥᠪ ᠤᠨ ᠨᠥᠬᠦᠪᠦᠷᠢ ᠪᠡᠯᠡ ᠮᠥᠩᠭᠦ ᠪᠠᠭᠤᠯᠭᠠᠵᠤ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠪᠡ
ᠨᠡᠶᠢᠲᠡᠯᠡᠭᠰᠡᠨ ᠴᠠᠭ᠄
2023/4/21
      ︵ᠰᠤᠷᠪᠤᠯᠵᠢᠯᠠᠭᠴᠢ ᠰᠥᠩ ᠰᠢᠶᠠᠩ ᠬᠤᠸᠠ ᠴᠢᠮᠡᠭᠡᠯᠡᠭᠴᠢ ᠱᠢ ᠬᠠᠢ ᠹᠧᠩ︶ ᠣᠶᠢᠷ᠎ᠠ ᠳᠤ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠲᠥᠪ ᠤᠨ 2023 ᠣᠨ ᠤ ᠬᠤᠳᠠ ᠶᠢᠨ ᠬᠤᠭᠤᠯᠠᠢ ᠶᠢᠨ ᠲᠣᠣᠷ ᠵᠢᠴᠢ ᠪᠣᠬᠢᠷ ᠤᠰᠤ ᠶᠢ ᠰᠢᠢᠳᠪᠦᠷᠢᠯᠡᠬᠦ ᠨᠥᠬᠦᠪᠦᠷᠢ ᠪᠡᠯᠡ ᠮᠥᠩᠭᠦ ᠶᠢ 2.4 ᠳ᠋ᠦᠩᠰᠢᠭᠤᠷ ᠲᠥᠭᠦᠷᠢᠭ ᠪᠠᠭᠤᠯᠭᠠᠵᠤ᠂ ᠮᠠᠨ ᠤ ᠬᠤᠳᠠ ᠬᠠᠶᠢᠮᠢᠶᠠᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠵᠢᠯ ᠢ ᠪᠦᠬᠦ ᠬᠡᠪᠴᠢᠶ᠎ᠡ ᠪᠠᠷ ᠰᠢᠰᠲ᠋ᠧᠮ ᠲᠠᠢ ᠲᠦᠯᠬᠢᠨ ᠠᠬᠢᠭᠤᠯᠬᠤ ᠶᠢ ᠳᠡᠮᠵᠢᠬᠦ ᠳᠤ ᠬᠡᠷᠡᠭᠯᠡᠪᠡ᠂ ᠡᠭᠦᠨ ᠳᠤ ᠬᠤᠳᠠ ᠶᠢᠨ ᠲᠤᠰ ᠱᠠᠲᠤ᠂ ᠬᠤᠳᠠ ᠶᠢᠨ ᠲᠦᠷᠪᠡᠨ ᠲᠣᠭᠤᠷᠢᠭ ᠤᠨ ᠰᠠᠪᠠ ᠭᠠᠵᠠᠷ ᠢ ᠵᠠᠰᠠᠬᠤ᠂ ᠭᠤᠣᠯ ᠤᠨ ᠵᠠᠮ ᠤᠨ ᠠᠮᠢ ᠠᠬᠤᠢ ᠶᠢ ᠵᠠᠰᠠᠨ ᠰᠡᠷᠭᠦᠭᠡᠬᠦ᠂ ᠤᠰᠤᠲᠤᠯ ᠢ ᠵᠠᠰᠠᠬᠤ᠂ ᠲᠥᠪᠯᠡᠷᠡᠭᠦᠯᠦᠨ ᠨᠡᠭᠡᠭᠡᠨ ᠠᠰᠢᠭᠯᠠᠬᠤ ᠵᠢᠴᠢ ᠮᠡᠳᠡᠭᠡ ᠵᠠᠩᠭᠢ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠵᠡᠷᠭᠡ ᠲᠦᠷᠦᠯ ᠵᠦᠢᠯ ᠪᠠᠭᠲᠠᠨ᠎ᠠ᠃      2022 ᠣᠨ ᠳᠤ᠂ ᠮᠠᠨ ᠤ ᠬᠤᠲᠠ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠪᠦᠬᠦ ᠬᠡᠪᠴᠢᠶ᠎ᠡ ᠪᠠᠷ ᠰᠢᠰᠲ᠋ᠧᠮ ᠲᠠᠢ ᠲᠦᠯᠬᠢᠨ ᠠᠬᠢᠭᠤᠯᠬᠤ ᠲᠥᠷᠥᠯ ᠵᠦᠢᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠲᠥᠪ ᠤᠨ ᠡᠳ᠋ ᠤᠨ ᠵᠠᠰᠠᠭ ᠤᠨ 11 ᠳ᠋ᠦᠩᠰᠢᠭᠤᠷ ᠲᠥᠭᠦᠷᠢᠭ ᠤᠨ ᠪᠡᠯᠡ ᠮᠥᠩᠭᠦᠨ ᠤ ᠳᠡᠮᠵᠢᠯᠭᠡ ᠶᠢ ᠣᠯᠵᠤ᠂ ᠭᠤᠷᠪᠠᠨ ᠵᠢᠯ ᠬᠤᠪᠢᠶᠠᠨ ᠳᠣᠷᠣᠭᠰᠢ ᠪᠠᠭᠤᠯᠭᠠᠪᠠ᠃ ᠡᠨᠡ ᠵᠢᠯ᠂ ᠮᠠᠨ ᠤ ᠬᠤᠲᠠ 4 ᠵᠦᠢᠯ ᠤᠨ ᠬᠤᠲᠠ ᠶᠢᠨ ᠤᠰᠤ ᠵᠠᠯᠠᠬᠤ ᠲᠥᠬᠦᠭᠡᠷᠦᠮᠵᠢ ᠶᠢᠨ GIS ᠤᠨ ᠰᠢᠰᠲ᠋ᠧᠮ ᠤᠨ ᠥᠭᠡᠷᠡᠴᠢᠯᠡᠯᠲᠡ ᠵᠢᠴᠢ ᠲᠣᠭᠠᠴᠢᠯᠠᠭᠰᠠᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ᠂ 31 ᠺᠢᠯᠣᠮᠧᠲᠷ ᠤᠷᠲᠤ ᠥᠨᠳᠥᠷ ᠬᠥᠭᠦᠷᠭᠡᠨ ᠵᠠᠮ ᠤᠨ ᠳᠡᠭᠡᠷᠡᠬᠢ ᠪᠣᠷᠣᠭᠠᠨ ᠤ ᠤᠰᠤ ᠶᠢ ᠴᠤᠭᠯᠠᠭᠤᠯᠤᠨ ᠠᠰᠢᠭᠯᠠᠬᠤ ᠪᠠᠷᠢᠯᠭ᠎ᠠ᠂ 8 ᠠᠮᠢ ᠠᠬᠤᠢ ᠶᠢᠨ ᠲᠡᠷᠭᠡᠨ ᠵᠣᠭᠰᠣᠭᠠᠯ ᠤᠨ ᠪᠦᠲᠦᠭᠡᠨ ᠪᠠᠶᠢᠭᠤᠯᠤᠯᠲᠠ᠂ 3 ᠲᠦᠮᠡᠨ ᠲᠡᠭᠰᠢ ᠳᠥᠷᠪᠡᠯᠵᠢᠨ ᠮᠧᠲᠷ ᠤᠨ ᠬᠠᠶᠢᠮᠢᠶᠠᠨ ᠵᠠᠮ ᠤᠨ ᠥᠭᠡᠷᠡᠴᠢᠯᠡᠯᠲᠡ᠂ 200 ᠺᠢᠯᠣᠮᠧᠲᠷ ᠤᠨ ᠬᠠᠶᠢᠮᠢᠶᠠᠨ ᠨᠣᠭᠤᠭᠠᠨ ᠵᠠᠮ ᠤᠨ ᠪᠦᠲᠦᠭᠡᠨ ᠪᠠᠶᠢᠭᠤᠯᠤᠯᠲᠠ᠂ 20 ᠬᠠᠶᠢᠮᠢᠶᠠᠨ ᠵᠠᠮ ᠤᠨ ᠪᠦᠲᠦᠭᠡᠨ ᠪᠠᠶᠢᠭᠤᠯᠤᠯᠲᠠ᠂ 24 ᠬᠡᠰᠡᠭ ᠮᠤᠬᠤᠷ ᠪᠣᠷᠣᠭᠠᠨ ᠤ ᠤᠰᠤᠨ ᠤ ᠬᠤᠭᠤᠯᠠᠢ ᠶᠢᠨ ᠲᠣᠣᠷ ᠤᠨ ᠪᠠᠷᠢᠯᠭ᠎ᠠ᠂ 9 ᠭᠤᠣᠯ ᠤᠨ ᠵᠠᠮ ᠳᠤ ᠬᠤᠷᠠᠭᠰᠠᠨ ᠢ ᠠᠷᠢᠯᠭᠠᠨ ᠯᠠᠶᠢᠳᠠᠵᠤ ᠵᠠᠰᠠᠬᠤ ᠵᠡᠷᠭᠡ ᠪᠠᠷᠢᠯᠭ᠎ᠠ ᠶᠢᠨ ᠲᠥᠷᠥᠯ ᠵᠦᠢᠯ ᠢ ᠪᠡᠶᠡᠯᠡᠭᠦᠯᠦᠨ᠎ᠡ᠃      ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠡᠯ᠎ᠡ ᠭᠠᠵᠠᠷ ᠣᠷᠣᠨ ᠢ ᠪᠡᠯᠡ ᠮᠥᠩᠭᠦ ᠪᠠᠨ ᠠᠯᠢ ᠲᠦᠷᠭᠡᠨ ᠢᠶᠠᠷ ᠪᠣᠳᠠᠲᠠᠢ ᠲᠥᠷᠥᠯ ᠵᠦᠢᠯ ᠳᠡᠭᠡᠷ᠎ᠡ ᠪᠠᠭᠤᠯᠭᠠᠵᠤ᠂ ᠲᠥᠷᠥᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠠ ᠲᠥᠰᠥᠪ ᠤᠨ ᠭᠦᠢᠴᠡᠳᠭᠡᠯᠲᠡ ᠶᠢ ᠴᠢᠩᠭᠠᠳᠬᠠᠵᠤ᠂ ᠲᠤᠰᠬᠠᠢ ᠪᠡᠯᠡ ᠮᠥᠩᠭᠦ ᠶᠢ ᠪᠣᠳᠠᠲᠠᠢ ᠭᠠᠵᠠᠷ ᠬᠡᠷᠡᠭᠯᠡᠵᠦ᠂ ᠪᠣᠳᠠᠲᠤ ᠦᠷ᠎ᠡ ᠪᠦᠲᠦᠮᠵᠢ ᠪᠠᠳᠠᠷᠠᠭᠤᠯᠬᠤ ᠶᠢ ᠪᠠᠲᠤᠯᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ