︽ᠡᠭᠦᠷᠢᠳᠡ ᠨᠠᠮ ᠢᠶᠠᠨ ᠲᠠᠭᠠᠵᠦ᠂ ᠵᠣᠯ ᠵᠢᠷᠭᠠᠯ ᠤᠨ ᠪᠥᠵᠢᠭ ᠢᠶᠠᠨ ᠪᠥᠵᠢᠭᠯᠡᠶ᠎ᠡ︾
ᠨᠡᠶᠢᠲᠡᠯᠡᠭᠰᠡᠨ ᠴᠠᠭ᠄
2023/4/21
20230421.jpg
      ᠬᠤᠳᠠ ᠶᠢᠨ ᠤᠯᠠᠭᠠᠨᠮᠥ᠋ᠴᠢᠷ ᠤᠨ ᠬᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠬᠤᠶᠠᠷ ᠭᠠᠷᠠᠭ ᠤᠨ ᠬᠤᠭᠤᠴᠠᠭ᠎ᠠ ᠲᠠᠢ ᠲᠠᠯᠠᠪᠠᠢ ᠶᠢᠨ ᠪᠥᠵᠢᠭ ᠤᠨ ᠵᠢᠭᠠᠨ ᠰᠤᠷᠭᠠᠯᠲᠠ ᠶᠢᠨ ᠪᠣᠯᠪᠠᠰᠤᠷᠠᠯ ᠥᠷᠨᠢᠭᠦᠯᠦᠭᠰᠡᠨ ᠤ ᠲᠠᠷᠠᠭ᠎ᠠ᠂ 4 ᠳ᠋ᠦ᠋ᠭᠡᠷ ᠰᠠᠷ᠎ᠠ ᠶᠢᠨ 19 ᠤ ᠡᠳᠦᠷ ᠰᠠᠶᠢᠬᠠᠨ ᠲᠣᠭᠤᠷᠢᠭ ᠤᠨ ᠶᠢᠨ ᠳ᠋ᠢ ᠰᠣᠶᠣᠯ ᠤᠨ ᠲᠠᠯᠠᠪᠠᠢ ᠳᠤ ︽ᠡᠭᠦᠷᠢᠳᠡ ᠨᠠᠮ ᠢᠶᠠᠨ ᠲᠠᠭᠠᠵᠦ᠂ ᠵᠣᠯ ᠵᠢᠷᠭᠠᠯ ᠤᠨ ᠪᠥᠵᠢᠭ ᠢᠶᠠᠨ ᠪᠥᠵᠢᠭᠯᠡᠶ᠎ᠡ︾ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠳᠠ ᠶᠢᠨ ᠤᠯᠠᠭᠠᠨᠮᠥ᠋ᠴᠢᠷ ᠤᠨ ᠭᠡᠰᠢᠭᠦᠳ ᠤᠨ ᠳᠠᠭᠠᠭᠤᠯᠭ᠎ᠠ ᠪᠠᠷ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠠᠵᠢᠯᠯᠠᠭ᠎ᠠ ᠳᠤ ᠣᠷᠣᠯᠴᠠᠵᠤ᠂ ᠲᠠᠯᠠᠪᠠᠢ ᠶᠢᠨ ᠪᠥᠵᠢᠭ ᠤᠨ ᠪᠣᠯᠪᠠᠰᠤᠷᠠᠯ ᠤᠨ ᠦᠷ᠎ᠡ ᠪᠦᠲᠦᠭᠡᠯ ᠢ ᠢᠳᠡᠪᠬᠢᠲᠡᠢ ᠳᠡᠯᠭᠡᠨ ᠦᠵᠡᠭᠦᠯᠵᠡᠢ᠃      ᠡᠨᠡ ᠤᠳᠠᠭ᠎ᠠ ᠶᠢᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠦᠨᠳᠦᠰᠦᠨ ᠱᠠᠲᠤᠨ ᠤ ᠤᠯᠠᠨ ᠲᠦᠮᠡᠨ ᠤ ᠰᠣᠶᠣᠯ ᠤᠷᠠᠯᠢᠭ ᠤᠨ ᠬᠢᠷᠢ ᠲᠦᠪᠰᠢᠨ ᠪᠣᠯᠣᠨ ᠰᠣᠶᠣᠯ ᠤᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠤᠯᠠᠨ ᠤ ᠰᠣᠶᠣᠯ ᠤᠨ ᠬᠦᠷᠲᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠵᠡᠢ᠃ ᠰᠤᠷᠪᠤᠯᠵᠢᠯᠠᠭᠴᠢ ᠮᠢᠶᠣᠣ ᠴᠢᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ