︽ᠭᠤᠶᠢᠲᠠ ᠰᠠᠶᠢᠬᠠᠨ ᠯᠣᠣ ᠨᠢᠦ ᠸᠠᠨ· ᠠᠮᠢᠵᠢᠷᠠᠯᠲᠤ ᠴᠢᠩ ᠱᠦᠢ ᠾᠧ︾ᠲᠠᠨ ᠢ ᠵᠦᠯᠭᠡᠨ ᠳᠤ ᠵᠤᠭᠠᠴᠠᠬᠤ ᠪᠠᠷ ᠤᠭᠲᠤᠵᠤ ᠪᠠᠶᠢᠨ᠎ᠠ
ᠨᠡᠶᠢᠲᠡᠯᠡᠭᠰᠡᠨ ᠴᠠᠭ᠄
2023/4/24
      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠴᠢᠩ ᠱᠦᠢ ᠾᠧ ᠰᠢᠶᠠᠨ ᠤ ᠨᠡᠭᠡᠭᠡᠯᠲᠡᠲᠡᠢ ᠦᠵᠡᠮᠵᠢ ᠶᠢᠨ ᠣᠷᠣᠨ ᠨᠤᠭᠤᠳ ︽ᠲᠠᠪᠤᠨ ᠰᠠᠷ᠎ᠠ ᠶᠢᠨ ᠨᠢᠭᠡᠨ︾ ᠤ ᠵᠢᠭᠤᠯᠴᠢᠯᠠᠯ ᠤᠨ ᠳᠠᠶᠢᠯᠠᠯᠭ᠎ᠠ ᠶᠢ ᠨᠠᠷᠢᠨ ᠪᠡᠯᠡᠳᠬᠡᠵᠦ᠂ ᠡᠯ᠎ᠡ ᠭᠠᠵᠠᠷ ᠤᠨ ᠵᠢᠭᠤᠯᠴᠢᠯᠠᠭᠴᠢᠳ ᠢ ᠤᠭᠲᠤᠵᠤ ᠪᠠᠶᠢᠨ᠎ᠠ᠃
 
      4 ᠳ᠋ᠦ᠋ᠭᠡᠷ ᠰᠠᠷ᠎ᠠ ᠶᠢᠨ 22 ᠤᠨ ᠡᠳᠦᠷ ᠶᠠᠪᠤᠭᠳᠠᠭᠰᠠᠨ ︽ᠭᠤᠶᠢᠲᠠ ᠰᠠᠶᠢᠬᠠᠨ ᠯᠣᠣ ᠨᠢᠦ ᠸᠠᠨ· ᠠᠮᠢᠵᠢᠷᠠᠯᠲᠤ ᠴᠢᠩ ᠱᠦᠢ ᠾᠧ︾ᠲᠠᠨ ᠢ ᠵᠦᠯᠭᠡᠨ ᠳᠤ ᠵᠤᠭᠠᠴᠠᠬᠤ ᠪᠠᠷ ᠤᠭᠲᠤᠵᠤ ᠪᠠᠶᠢᠨ᠎ᠠ  — ᠴᠢᠩ ᠱᠦᠢ ᠾᠧ ᠶᠢᠨ ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠤ 2023 ᠣᠨ ᠤ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠥᠪᠥᠷ ᠮᠣᠩᠭᠤᠯ ᠤᠨ ᠦᠨᠳᠦᠰᠦᠲᠡᠨ ᠤ ᠣᠯᠠᠨ ᠤᠯᠤᠰ ᠤᠨ ᠵᠢᠭᠤᠯᠴᠢᠯᠠᠯ ᠤᠨ ᠭᠠᠵᠠᠷ᠂ ᠥᠪᠥᠷ ᠮᠣᠩᠭᠤᠯ ᠤᠨ ᠳ᠋ᠦᠩ ᠳ᠋ᠡ ᠤᠯᠤᠰ ᠤᠨ ᠵᠢᠭᠤᠯᠴᠢᠯᠠᠯ ᠵᠡᠷᠭᠡ 150 ᠭᠠᠷᠤᠢ ᠵᠢᠭᠤᠯᠴᠢᠯᠠᠯ ᠤᠨ ᠭᠠᠵᠠᠷ ᠤᠨ ᠬᠠᠷᠢᠭᠤᠴᠠᠯᠭᠠᠲᠠᠨ ᠢ ᠬᠤᠷᠠᠯ ᠳᠤ ᠣᠷᠣᠯᠴᠠᠭᠤᠯᠵᠤ᠂ ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠤ ᠡᠯᠪᠡᠭ ᠳᠡᠯᠪᠡᠭ ᠵᠢᠭᠤᠯᠴᠢᠯᠠᠯ ᠤᠨ ᠡᠬᠢ ᠪᠠᠶᠠᠯᠢᠭ᠂ ᠵᠢᠭᠤᠯᠴᠢᠯᠠᠯ ᠤᠨ ᠵᠠᠮ ᠱᠤᠭᠤᠮ᠂ ᠵᠢᠭᠤᠯᠴᠢᠯᠠᠯ ᠤᠨ ᠪᠦᠲᠦᠭᠡᠭᠳᠡᠬᠦᠨ ᠢ ᠪᠥᠬᠦ ᠲᠠᠯ᠎ᠠ ᠪᠠᠷ ᠳᠡᠯᠭᠡᠨ ᠦᠵᠡᠭᠦᠯᠬᠦ ᠶᠢᠨ ᠬᠠᠮᠲᠤ ᠴᠢᠩ ᠱᠦᠢ ᠾᠧ ᠰᠢᠶᠠᠨ ᠬᠢᠭᠡᠳ ᠡᠯ᠎ᠡ ᠵᠢᠭᠤᠯᠴᠢᠯᠠᠯ ᠤᠨ ᠭᠠᠵᠠᠷ ᠤᠨ ᠬᠤᠭᠤᠷᠣᠨᠳᠣᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠪᠠ᠃      ᠳᠥᠷᠪᠡᠳᠦᠭᠡᠷ ᠰᠠᠷ᠎ᠠ ᠶᠢᠨ ᠯᠣᠣ ᠨᠢᠦ ᠸᠠᠨ ᠡᠶᠡᠪᠡᠷᠭᠦᠦ ᠰᠠᠯᠬᠢ ᠢᠯᠭᠤᠮ ᠨᠣᠮᠢᠨ ᠨᠣᠭᠤᠭᠠᠨ ᠭᠤᠣᠯ ᠤᠨ ᠤᠰᠤ ᠨᠢ ᠦᠷᠭᠦᠯᠵᠢᠯᠡᠭᠰᠡᠨ ᠠᠭᠤᠯᠠ ᠨᠢᠷᠤᠭᠤ ᠲᠠᠢ ᠥᠩᠭᠡ ᠢᠯᠭᠠᠷᠠᠨ ᠬᠠᠷᠠᠭᠳᠠᠨ᠎ᠠ᠃ ᠲᠠᠢ ᠵᠢᠢ ᠸᠠᠨ ᠳᠤ᠂ ᠡᠵᠢ ᠭᠤᠣᠯ ᠤᠨ ᠰᠦᠷᠯᠢᠭ ᠰᠠᠶᠢᠬᠠᠨ ᠢ ᠮᠡᠳᠡᠷᠡᠵᠦ᠂ ᠱᠧᠨ ᠨᠢᠦ ᠠᠭᠤᠳᠠᠮ ᠲᠠᠯᠠᠪᠠᠢ ᠳᠤ ᠣᠴᠢᠪᠠᠯ ᠬᠠᠲᠤᠨ ᠭᠤᠣᠯ ᠪᠣᠯᠣᠨ ᠤᠷᠳᠤ ᠴᠠᠭᠠᠨ ᠬᠡᠷᠡᠮ ᠤᠨ ᠴᠤᠷ ᠤᠨ ᠭᠠᠭᠴᠠ ᠵᠣᠯᠭᠠᠵᠤ ᠪᠠᠶᠢᠭ᠎ᠠ ᠭᠠᠵᠠᠷ ᠲᠤ ᠬᠠᠪᠴᠢᠯ ᠤᠨ ᠦᠵᠡᠮᠵᠢ ᠶᠢ ᠰᠣᠨᠢᠷᠬᠠᠵᠤ᠂ ᠵᠢᠭᠤᠯᠴᠢᠯᠠᠯ ᠤᠨ ᠵᠠᠮ ᠢᠶᠠᠷ ᠶᠠᠪᠤᠪᠠᠯ ᠴᠡᠩᠭᠡᠭ ᠤᠰᠤ ᠲᠤᠩᠭᠠᠯᠠᠭ ᠰᠠᠶᠢᠬᠠᠨ ᠰᠢᠯᠦᠭᠯᠢᠭ ᠵᠢᠷᠤᠭ ᠢ ᠰᠣᠨᠢᠷᠬᠠᠵᠤ᠂ ᠵᠢᠦ ᠴᠢᠦᠢ ᠬᠠᠲᠤᠨ ᠭᠤᠣᠯ ᠤᠨ ᠵᠢᠭᠰᠠᠭᠠᠯ ᠳᠤ ᠬᠥᠷᠪᠡᠯ᠂ ᠲᠤᠬᠠᠢ ᠶᠢᠨ ᠭᠠᠵᠠᠷ ᠤᠨ ᠠᠷᠠᠳ ᠤᠨ ᠵᠠᠩ ᠦᠢᠯᠡ ᠶᠢᠨ ᠰᠣᠶᠣᠯ ᠤᠨ ᠷᠢᠳᠢ ᠰᠢᠳᠢ ᠶᠢ ᠮᠡᠳᠡᠷᠡᠵᠦ᠂ ᠬᠠᠲᠤᠨ ᠭᠤᠣᠯ ᠤᠨ ᠤᠭᠤᠷᠬᠠᠢ ᠶᠢᠨ ᠬᠤᠭᠤᠯᠠᠨ ᠭᠡᠷ ᠲᠤ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ ᠢ ᠠᠮᠲᠠᠯᠠᠪᠠᠯ ᠯᠠᠪᠲᠠᠢ ᠲᠠᠨ ᠤ ᠮᠠᠭᠲᠠᠭᠠᠯ ᠢ ᠣᠯᠵᠤ ᠴᠢᠳᠠᠨ᠎ᠠ᠃ᠡᠭᠦᠨ ᠠᠴᠠ ᠭᠠᠳᠠᠨ᠎ᠠ᠂ ᠬᠠᠲᠤᠨ ᠭᠤᠣᠯ ᠤᠨ ᠲᠠᠷᠢᠶᠠᠯᠠᠩ ᠤᠨ ᠣᠨᠴᠠ ᠭᠠᠷᠤᠯᠲᠠ ᠶᠢ ᠪᠡᠶᠡᠴᠢᠯᠡᠨ ᠣᠶᠢᠯᠠᠭᠠᠬᠤ ᠣᠷᠳᠣᠨ ᠳᠤ᠂ ᠡᠯ᠎ᠡ ᠵᠦᠢᠯ ᠤᠨ ᠲᠠᠷᠢᠶᠠᠯᠠᠩ ᠤᠨ ᠣᠨᠴᠠ ᠭᠠᠷᠤᠯᠲᠠ ᠪᠠ ᠸᠠᠭᠠᠷ ᠤᠨ ᠤᠷᠠᠯᠠᠯ᠂ ᠮᠣᠳᠣᠨ ᠠᠷ ᠲᠠᠢ ᠴᠢᠯᠠᠭᠤᠨ ᠭᠠᠷ ᠤᠷᠠᠯᠠᠯ ᠤᠨ ᠪᠦᠲᠦᠭᠡᠭᠳᠡᠬᠦᠨ ᠵᠢᠴᠢ ︽ᠯᠣᠣ ᠨᠢᠦ ᠸᠠᠨ︾ ᠂ ︽ᠬᠠᠶᠢᠲᠠᠩ ᠵᠢᠮᠢᠰ︾ ᠵᠡᠷᠭᠡ ᠰᠢᠷᠢᠰ IP ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠨᠢ ᠬᠥᠮᠥᠰ ᠤᠨ ᠨᠢᠳᠦᠨ ᠳᠤ ᠴᠦ ᠰᠢᠨ᠎ᠡ ᠰᠡᠪᠡᠭᠦᠨ ᠰᠠᠨᠠᠭᠳᠠᠭᠤᠯᠤᠨ᠎ᠠ᠃
      ᠣᠶᠢᠷ᠎ᠠ ᠶᠢᠨ ᠵᠢᠯ ᠠᠴᠠ᠂ ᠴᠢᠩ ᠱᠦᠢ ᠾᠧ ᠰᠢᠶᠠᠨ ᠤ ᠬᠢᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠠᠳᠤᠨ ᠭᠤᠣᠯ᠂ ᠤᠷᠳᠤ ᠴᠠᠭᠠᠨ ᠬᠡᠷᠡᠮ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠡᠬᠢ ᠪᠠᠶᠠᠯᠢᠭ ᠲᠤ ᠬᠠᠳᠠᠭᠠᠯᠠᠭᠳᠠᠵᠤ ᠪᠠᠶᠢᠭ᠎ᠠ ᠲᠡᠦᠬᠡ ᠰᠣᠶᠣᠯ ᠤᠨ ᠠᠭᠤᠯᠤᠭᠳᠠᠬᠤᠨ ᠪᠣᠯᠣᠨ ᠴᠠᠭ ᠦᠶ᠎ᠡ ᠶᠢᠨ ᠦᠷᠳᠡᠭ ᠢ ᠭᠦᠨᠵᠡᠭᠡᠢ ᠠᠭᠤᠳᠠᠯᠵᠠᠢ᠃ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠤ 5A ᠳᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠬᠤ ᠶᠢ ᠳᠠᠭᠠᠯᠳᠤᠨ᠂ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠲᠡᠭᠦᠯᠳᠡᠷᠵᠢᠵᠦ᠂ ᠬᠠᠮᠢᠶᠠᠷᠤᠯᠲᠠ ᠡᠵᠡᠩᠨᠡᠯᠲᠡ ᠶᠢᠨ ᠲᠦᠪᠰᠢᠨ ᠪᠦᠬᠦ ᠲᠠᠯ᠎ᠠ ᠪᠠᠷ ᠳᠡᠭᠡᠭᠰᠢᠯᠡᠵᠦ᠂ ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠴᠣ᠋ ᠰᠢᠨ᠎ᠡ ᠳᠦᠷᠰᠦ ᠪᠠᠶᠢᠳᠠᠯ ᠢᠶᠠᠷ ᠨᠠᠢᠮᠠᠨ ᠵᠣᠪᠬᠢᠰ ᠤᠨ ᠵᠤᠭᠠᠴᠠᠭᠰᠠᠳ ᠢ ᠤᠭᠲᠤᠵᠤ ᠪᠠᠶᠢᠨ᠎ᠠ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ