ᠮᠠᠨ ᠤ ᠬᠤᠲᠠ ᠰᠣᠶᠣᠯ ᠵᠢᠭᠤᠯᠴᠢᠯᠠᠯ ᠤᠨ ᠬᠤᠳᠠᠯᠳᠤᠭᠠᠴᠢᠨ ᠤᠷᠢᠬᠤ 61 ᠭᠤᠣᠯᠳᠠᠯᠭ᠎ᠠ ᠲᠠᠢ ᠲᠥᠷᠥᠯ ᠵᠦᠢᠯ ᠢ ᠭᠠᠷᠭᠠᠪᠠ
ᠨᠡᠶᠢᠲᠡᠯᠡᠭᠰᠡᠨ ᠴᠠᠭ᠄
2023/4/25
      ︵ᠰᠤᠷᠪᠤᠯᠵᠢᠯᠠᠭᠴᠢ ᠯᠢᠦ ᠯᠢ ᠰᠢᠶᠠ︶ ᠡᠨᠡ ᠵᠢᠯ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︽ᠬᠦᠴᠦᠷᠬᠡᠭ ᠣᠷᠣᠨ ᠤ ᠲᠥᠪ︾ ᠪᠣᠯᠣᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ ᠠᠵᠠ ᠲᠣᠬᠢᠶᠠᠯ ᠢ ᠠᠮᠵᠢᠵᠤ᠂ ᠣᠷᠣᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠥᠪ ᠢ ᠲᠦᠷᠭᠡᠨ ᠪᠠᠶᠢᠭᠤᠯᠵᠤ᠂ ᠵᠢᠭᠤᠯᠴᠢᠯᠠᠬᠤ ᠳᠤ ᠲᠣᠬᠢᠷᠠᠮᠵᠢᠲᠠᠢ ᠬᠤᠳᠠ ᠶᠢ ᠪᠦᠲᠦᠭᠡᠨ ᠪᠠᠶᠢᠭᠤᠯᠵᠤ᠂ ︽ᠭᠤᠷᠪᠠᠨ ᠪᠦᠰᠡ ᠨᠢᠭᠡ ᠱᠤᠭᠤᠮ︾ ᠤᠨ ᠲᠥᠯᠦᠪᠵᠢᠭᠦᠯᠭᠡ ᠪᠠᠶᠢᠷᠢᠰᠢᠭᠤᠯᠤᠯᠲᠠ ᠶᠢᠨ ᠶᠣᠰᠣᠭᠠᠷ᠂ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰᠵᠢᠯᠲᠡ ᠶᠢ ᠬᠦᠴᠦᠯᠡᠨ ᠠᠬᠢᠭᠤᠯᠵᠤ᠂ ᠪᠦᠬᠦ ᠬᠤᠳᠠ ᠶᠢᠨ ᠰᠣᠶᠣᠯ ᠵᠢᠭᠤᠯᠴᠢᠯᠠᠯ ᠠᠭᠤᠰᠤᠯᠴᠠᠭᠰᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠳᠤ ᠨᠡᠶᠢᠭᠡᠮ ᠤᠨ ᠬᠥᠷᠥᠩᠭᠡ ᠶᠢ ᠲᠡᠳᠡᠨ ᠣᠷᠣᠯᠴᠠᠭᠤᠯᠬᠤ ᠶᠢᠨ ᠲᠥᠯᠥᠭᠡ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠥᠭᠵᠢᠯᠲᠡ ᠶᠢᠨ ᠢᠷᠡᠭᠡᠳᠦᠢ ᠶᠢᠨ ᠲᠥᠯᠥᠪ ᠪᠠᠶᠢᠳᠠᠯ ᠥᠷᠭᠡᠨ ᠠᠭᠤᠳᠠᠮ᠂ ᠪᠡᠯᠡ ᠣᠷᠤᠭᠤᠯᠤᠯᠲᠠ ᠶᠢᠨ ᠦᠷ᠎ᠡ ᠠᠰᠢᠭ ᠢᠶᠠᠷ ᠰᠠᠶᠢᠨ ᠰᠣᠶᠣᠯ ᠵᠢᠭᠤᠯᠴᠢᠯᠠᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 61 ᠭᠤᠣᠯᠳᠠᠯᠭ᠎ᠠ ᠲᠠᠢ ᠲᠥᠷᠥᠯ ᠵᠦᠢᠯ ᠢ ᠲᠥᠯᠥᠪᠯᠡᠨ ᠰᠤᠷᠲᠠᠯᠴᠢᠯᠠᠵᠤ᠂ ᠲᠥᠯᠥᠪᠯᠡᠭᠡ ᠪᠠᠷ ᠨᠡᠶᠢᠲᠡ 284.4973 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠨᠡᠶᠢᠲᠡ 131.69 ᠳ᠋ᠦᠩᠰᠢᠭᠤᠷ ᠲᠥᠭᠦᠷᠢᠭ ᠲᠤ ᠭᠦᠷᠦᠭᠰᠡᠨ ᠪᠠᠶᠢᠨ᠎ᠠ᠃      ᠲᠠᠨᠢᠯᠴᠠᠭᠤᠯᠤᠭᠰᠠᠨ ᠢᠶᠠᠷ᠂ ᠡᠲᠡᠭᠡᠷ ᠬᠤᠳᠠᠯᠳᠤᠭᠠᠴᠢᠨ ᠤᠷᠢᠬᠤ ᠭᠤᠣᠯᠳᠠᠯᠭ᠎ᠠ ᠲᠠᠢ ᠲᠥᠷᠥᠯ ᠵᠦᠢᠯ ᠨᠢ ︽ᠭᠤᠷᠪᠠᠨ ᠪᠦᠰᠡ ᠨᠢᠭᠡ ᠱᠤᠭᠤᠮ︾ ᠤᠨ ᠲᠠᠷᠬᠠᠯᠲᠠ ᠪᠠᠷ ᠲᠣᠰ ᠲᠣᠰ ᠤᠮᠠᠷᠠᠲᠤ ᠬᠡᠰᠡᠭ ᠤᠨ ᠴᠡᠯᠡᠭᠡᠷ ᠲᠠᠯ᠎ᠠ ᠶᠢᠨ ᠦᠵᠡᠮᠵᠢ ᠶᠢᠨ ᠰᠣᠶᠣᠯ ᠵᠢᠭᠤᠯᠴᠢᠯᠠᠯ ᠤᠨ ᠪᠦᠰᠡ ᠶᠢᠨ ᠲᠥᠷᠥᠯ ᠵᠦᠢᠯ 24᠂ ᠡᠮᠦᠨᠡᠲᠦ ᠬᠡᠰᠡᠭ ᠤᠨ ᠬᠠᠲᠤᠨ ᠭᠤᠣᠯ ᠤᠨ ᠦᠵᠡᠮᠵᠢ ᠶᠢᠨ ᠰᠣᠶᠣᠯ ᠵᠢᠭᠤᠯᠴᠢᠯᠠᠯ ᠤᠨ ᠪᠦᠰᠡ ᠶᠢᠨ ᠲᠥᠷᠥᠯ ᠵᠦᠢᠯ 9᠂ ᠳᠤᠮᠳᠠ ᠬᠡᠰᠡᠭ ᠤᠨ ᠶᠡᠭᠡ ᠲᠦᠷᠭᠡᠨ ᠭᠤᠣᠯ ᠤᠨ ᠠᠮᠢ ᠠᠬᠤᠢ ᠶᠢᠨ ᠵᠢᠭᠤᠯᠴᠢᠯᠠᠯ ᠤᠨ ᠪᠦᠰᠡ ᠶᠢᠨ ᠲᠥᠷᠥᠯ ᠵᠦᠢᠯ 5᠂ ᠲᠦᠮᠡᠨ ᠭᠠᠵᠠᠷ ᠤᠨ ᠴᠠᠢ ᠶᠢᠨ ᠵᠠᠮ ᠳᠠᠭᠠᠤ ᠶᠢᠨ ᠲᠥᠷᠥᠯ ᠵᠦᠢᠯ 23 ᠪᠣᠶ︔ ︽ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠥᠷᠥᠯ ᠵᠦᠢᠯ︾ ᠤᠨ ᠠᠩᠭᠢᠯᠠᠯ ᠢᠶᠠᠷ ᠲᠣᠰ ᠲᠣᠰ᠄ ᠦᠵᠡᠮᠵᠢ ᠶᠢᠨ ᠣᠷᠣᠨ ᠢ ᠳᠡᠭᠡᠭᠰᠢᠯᠡᠭᠦᠯᠬᠦ ᠲᠥᠷᠥᠯ ᠵᠦᠢᠯ 11᠂ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ 12᠂ ᠠᠮᠢ ᠠᠬᠤᠢ ᠶᠢᠨ ᠰᠡᠯᠡᠭᠦᠴᠡᠯ ᠤᠨ ᠲᠥᠷᠥᠯ ᠵᠦᠢᠯ 11᠂ ᠲᠠᠮᠢᠷ ᠤᠨ ᠬᠥᠳᠡᠯᠭᠡᠭᠡᠨ ᠤ ᠬᠡᠭᠡᠷ᠎ᠡ ᠬᠤᠨᠣᠭᠯᠠᠬᠤ ᠲᠥᠷᠥᠯ ᠵᠦᠢᠯ 7᠂ ᠰᠤᠳᠤᠯᠤᠨ ᠰᠤᠷᠤᠯᠴᠠᠵᠤ ᠪᠣᠯᠪᠠᠰᠤᠷᠠᠭᠤᠯᠬᠤ ᠲᠥᠷᠥᠯ ᠵᠦᠢᠯ 5᠂ ᠡᠷᠡᠭᠦᠯᠵᠢᠯ ᠰᠤᠪᠢᠯᠠᠯᠲᠠ ᠠᠮᠠᠷᠠᠯᠲᠠ ᠶᠢᠨ ᠲᠥᠷᠥᠯ ᠵᠦᠢᠯ 5᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠲᠥᠷᠥᠯ ᠵᠦᠢᠯ 6᠂ ᠰᠣᠶᠣᠯ ᠵᠢᠭᠤᠯᠴᠢᠯᠠᠯ ᠤᠨ ᠲᠣᠭᠯᠠᠯᠲᠠ 2᠂ ᠪᠡᠶᠡᠴᠢᠯᠡᠨ ᠣᠷᠣᠯᠴᠠᠬᠤ ᠵᠤᠭ᠎ᠠ ᠴᠡᠩᠭᠡᠯ ᠤᠨ ᠲᠥᠷᠥᠯ ᠵᠦᠢᠯ 2 ᠪᠣᠶ᠃      ᠬᠥᠬᠡᠬᠤᠲᠠ ᠶᠢᠨ ᠠᠭᠤᠯᠠ ᠨᠢ ᠥᠨᠳᠥᠷ ᠤᠰᠤ ᠨᠢ ᠲᠤᠩᠭᠠᠯᠠᠭ᠂ ᠠᠭᠤᠷ ᠠᠮᠢᠰᠬᠤᠯ ᠲᠠᠭᠠᠯᠠᠮᠵᠢᠲᠠᠢ᠂ ᠰᠦᠷᠯᠢᠭ ᠰᠠᠶᠢᠬᠠᠨ ᠲᠠᠯ᠎ᠠ ᠨᠤᠲᠤᠭ᠂ ᠬᠠᠲᠤᠨ ᠭᠤᠣᠯ ᠤᠨ ᠥᠩᠭᠡ ᠦᠵᠡᠮᠵᠢ ᠲᠠᠢ ᠮᠥᠷᠲᠡᠭᠡᠨ ᠪᠠᠰᠠ ᠥᠨᠢ ᠤᠳᠠᠭᠠᠨ ᠲᠡᠦᠬᠡ ᠲᠠᠢ ᠪᠥᠭᠡᠳ ᠦᠨᠳᠦᠰᠦᠲᠡᠨ ᠤ ᠣᠨᠴᠠᠯᠢᠭ ᠢᠶᠠᠷ ᠲᠤᠶᠢᠯ ᠤᠨ ᠶᠡᠭᠡ ᠬᠥᠮᠥᠨ ᠰᠣᠶᠣᠯ ᠤᠨ ᠦᠵᠡᠮᠵᠢ ᠲᠠᠢ᠂ ᠪᠠᠰᠠ ᠡᠯᠪᠡᠭ ᠪᠠᠶᠠᠯᠢᠭ ᠬᠤᠪᠢᠰᠬᠠᠯᠲᠤ ᠰᠣᠶᠣᠯ ᠤᠨ ᠡᠬᠢ ᠪᠠᠶᠠᠯᠢᠭ ᠲᠠᠢ ᠪᠠᠶᠢᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠢᠷᠡᠭᠡᠳᠦᠢ ᠶᠢᠨ ᠲᠥᠯᠥᠪ ᠪᠠᠶᠢᠳᠠᠯ ᠬᠢᠵᠠᠭᠠᠯᠠᠰᠢ ᠦᠭᠡᠢ ᠶᠤᠮ᠃ ᠲᠣᠰ ᠰᠠᠷ᠎ᠠ ᠠᠴᠠ ᠡᠬᠢᠯᠡᠨ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠣᠯᠠᠨ ᠵᠦᠢᠯ ᠤᠨ ᠬᠡᠯᠪᠡᠷᠢ ᠪᠠᠷ ᠰᠤᠶᠤᠯ ᠵᠢᠭᠤᠯᠴᠢᠯᠠᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠵᠠᠯᠭᠠᠭ᠎ᠠ ᠪᠠᠷ ᠨᠡᠶᠢᠲᠡᠯᠡᠬᠦ ᠪᠠᠷ ᠪᠠᠶᠢᠨ᠎ᠠ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ